ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ | ᠶᠡᠷᠦᠩᠬᠡᠢ ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 12 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠤᠭᠠᠳ᠂ ︽ᠲᠥᠷᠥ ᠶᠢᠨ ᠶᠠᠪᠤᠳᠠᠯ ᠤᠨ ᠬᠤᠷᠢᠶᠠᠨ ᠤ 2024 ᠣᠨ ᠤ ᠭᠤᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠥᠯ︾᠂ | ︽ᠮᠢᠩᠭᠠᠨ ᠳ᠋ᠦᠩᠰᠢᠭᠤᠷ ᠵᠢᠩ ᠠᠮᠤ ᠪᠤᠳᠠᠭ᠎ᠠ ᠦᠢᠯᠡᠳᠪᠦᠷᠢᠯᠡᠬᠦ ᠴᠢᠳᠠᠮᠵᠢ ᠶᠢ ᠳᠡᠭᠡᠭᠰᠢᠯᠡᠭᠦᠯᠬᠦ ᠰᠢᠨ᠎ᠡ ᠨᠢᠭᠡᠨ ᠡᠭᠡᠯᠵᠢᠨ ᠤ ᠠᠵᠢᠯᠯᠠᠭ᠎ᠠ ᠶᠢᠨ ᠲᠥᠰᠥᠯ ︵ | 2024 — 2030 ᠣᠨ︶︾ ᠪᠠ ︽ᠪᠠᠷᠢᠮᠵᠢᠶ᠎ᠠ ᠶᠢ ᠢᠭᠳᠤᠷᠢᠭᠤᠯᠬᠤ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ | ᠨᠡᠮᠡᠷᠢᠯᠡᠬᠦ ᠠᠵᠢᠯ ᠤᠨ ᠲᠥᠰᠥᠯ︾ ᠢ ᠶᠠᠷᠢᠯᠴᠠᠨ ᠪᠠᠲᠤᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ | ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠠᠷᠭ᠎ᠠ ᠪᠠᠷᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠴᠡᠷᠢᠭ ᠤᠨ ᠠᠰᠠᠷᠠᠮᠵᠢ | ᠬᠠᠷᠠᠭᠠᠯᠵᠠᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠵᠦ ᠪᠠᠲᠤᠯᠠᠪᠠ᠃ | ᠬᠤᠷᠠᠯ ᠳᠡᠭᠡᠷ᠎ᠡ᠂ ᠰᠠᠶ᠋ᠢᠬᠠᠨ ᠲᠡᠭᠦᠰᠦᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠳᠡᠭᠡᠷ᠎ᠡ ᠬᠢᠨᠠᠨ ᠵᠥᠪᠯᠡᠵᠦ ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠪᠦᠬᠦ ᠵᠢᠯ ᠤᠨ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠳᠤᠷᠬᠠᠶᠢᠯᠠᠵᠠᠢ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ︽ᠴᠠᠭ ᠢᠮᠠᠭᠲᠠ | ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠨ᠂ ᠦᠨᠡᠨ ᠬᠦ ︽ᠠᠵᠢᠯ ᠶᠠᠪᠤᠳᠠᠯ ᠪᠦᠬᠦᠨ ᠢ ᠳᠣᠲᠣᠷ᠎ᠠ ᠪᠠᠨ | ᠲᠤᠭ᠎ᠠ ᠲᠠᠢ ᠪᠠᠶᠢᠬᠤ︾ ᠠᠵᠢᠯᠯᠠᠭᠠᠨ ᠤ ᠬᠦᠴᠦᠨ ᠪᠣᠯᠭᠠᠨ ᠬᠤᠪᠢᠷᠠᠭᠤᠯᠵᠤ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠠᠵᠢᠯ ᠬᠢᠵᠦ | ᠦᠢᠯᠡᠰ ᠪᠣᠰᠬᠠᠬᠤ ᠴᠤᠭ ᠰᠦᠯᠳᠡ ᠪᠠᠨ ᠤᠯᠠᠮ ᠪᠠᠳᠠᠷᠠᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠢ᠃ ᠬᠡᠷᠡᠭᠵᠢᠭᠦᠯᠬᠦ ᠠᠷᠭ᠎ᠠ ᠪᠠᠷᠢᠯ ᠢᠶᠠᠨ ᠨᠠᠷᠢᠯᠢᠭᠵᠢᠭᠤᠯᠤᠨ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠬᠢᠭᠡᠳ ᠡᠯ᠎ᠡ ᠰᠠᠯᠠᠭ᠎ᠠ | ᠮᠥᠴᠢᠷ ᠤᠳ ᠤᠨ ᠬᠠᠷᠢᠭᠤᠴᠠᠯᠭ᠎ᠠ ᠶᠢ ᠬᠡᠷᠡᠭᠵᠢᠭᠦᠯᠬᠦ ᠪᠣᠳᠠᠲᠠᠢ ᠠᠷᠭ᠎ᠠ ᠪᠠ ᠲᠦᠷᠦ ᠶᠢᠨ ᠪᠣᠳᠣᠯᠭ᠎ᠠ ᠶᠢᠨ ᠠᠷᠭ᠎ᠠ ᠪᠠᠷᠢᠯ ᠳᠡᠭᠡᠷ᠎ᠡ ᠨᠠᠶᠢᠳᠠᠪᠤᠷᠢᠵᠢᠭᠤᠯᠬᠤ | ᠬᠡᠷᠡᠭᠲᠡᠢ᠃ ᠡᠯᠪᠡᠨ ᠬᠠᠮᠵᠢᠯᠴᠠᠬᠤ ᠪᠠᠨ ᠴᠢᠩᠭᠠᠳᠬᠠᠨ᠂ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠣᠶᠢᠯᠠᠭᠠᠯᠴᠠᠨ | ᠵᠣᠬᠢᠴᠠᠭᠤᠯᠵᠤ᠂ ᠣᠷᠣᠯᠴᠠᠭᠰᠠᠨ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ ᠳᠡᠮᠵᠢᠵᠦ᠂ ᠠᠳᠠᠯᠢ ᠴᠢᠭᠯᠡᠯ ᠢᠶᠠᠷ ᠬᠦᠴᠦᠯᠡᠬᠦ᠂ ᠨᠡᠶᠢᠯᠡᠮᠡᠯ ᠬᠦᠴᠦᠨ ᠢ | ᠪᠣᠶ ᠪᠣᠯᠭᠠᠬᠤ ᠶᠢ ᠪᠠᠲᠤᠯᠠᠬᠤ ᠬᠡᠷᠡᠭᠲᠡᠢ᠃ ᠰᠢᠮᠳᠠᠭᠤᠯᠤᠨ ᠪᠠᠶᠢᠴᠠᠭᠠᠬᠤ ᠶᠢ ᠰᠠᠶᠢᠲᠤᠷ ᠬᠢᠵᠦ᠂ ᠡᠳᠦᠷ ᠲᠤᠲᠤᠮ ᠤᠨ ᠲᠣᠬᠢᠷᠠᠭᠤᠯᠤᠯᠲᠠ ᠶᠢ ᠴᠢᠩᠭᠠᠳᠬᠠᠨ | ᠂ ᠰᠢᠮᠳᠠᠭᠤᠯᠤᠨ ᠪᠠᠶᠢᠴᠠᠭᠠᠬᠤ ᠠᠷᠭ᠎ᠠ ᠮᠠᠶ᠋ᠢᠭ ᠢᠶᠠᠨ ᠲᠡᠭᠦᠯᠳᠡᠷᠵᠢᠭᠦᠯᠵᠦ᠂ ᠰᠢᠮᠳᠠᠭᠤᠯᠤᠨ ᠪᠠᠶᠢᠴᠠᠭᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠱᠠᠲᠤ | ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠵᠠᠢ᠃ | ᠬᠤᠷᠠᠯ ᠳᠡᠭᠡᠷ᠎ᠡ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠣᠯ ᠲᠡᠷᠢᠭᠦᠨ ᠴᠢᠬᠤᠯᠠ ᠶᠠᠪᠤᠳᠠᠯ ᠮᠥᠨ᠃ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠮᠢᠩᠭᠠᠨ ᠳ᠋ᠦᠩᠰᠢᠭᠤᠷ ᠵᠢᠩ ᠠᠮᠤ ᠪᠤᠳᠠᠭ᠎ᠠ ᠦᠢᠯᠡᠳᠪᠦᠷᠢᠯᠡᠬᠦ ᠴᠢᠳᠠᠮᠵᠢ ᠶᠢ ᠳᠡᠭᠡᠭᠰᠢᠯᠡᠭᠦᠯᠬᠦ | ᠰᠢᠨ᠎ᠡ ᠨᠢᠭᠡᠨ ᠡᠭᠡᠯᠵᠢᠨ ᠤ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠠᠷᠢᠶᠠᠨ ᠭᠠᠵᠠᠷ ᠪᠠ ᠮᠡᠷᠭᠡᠵᠢᠯ ᠳᠤ ᠲᠦᠰᠢᠭᠯᠡᠨ ᠠᠮᠤ ᠪᠤᠳᠠᠭ᠎ᠠ ᠶᠢ | ᠬᠠᠳᠠᠭᠠᠯᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠦᠷ᠎ᠡ ᠡᠭᠦᠯᠳᠡᠷ ᠬᠤᠪᠢᠶᠠᠨ ᠤᠨᠠᠯᠲᠠ ᠶᠢ ᠨᠡᠮᠡᠭᠳᠡᠭᠦᠯᠬᠦ ᠡᠭᠦᠷᠭᠡ ᠬᠢᠭᠡᠳ ᠣᠷᠣᠨ ᠪᠦᠰᠡ | ᠬᠤᠪᠢᠶᠠᠨ ᠤᠨᠠᠯᠲᠠ ᠶᠢ ᠨᠡᠮᠡᠭᠳᠡᠭᠦᠯᠬᠦ ᠪᠠᠶᠢᠷᠢᠰᠢᠭᠤᠯᠤᠯᠲᠠ ᠶᠢ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠵᠡᠷᠭᠡ ᠲᠤᠯᠭᠠᠭᠤᠷᠢᠯᠠᠬᠤ ᠴᠢᠨᠠᠷᠲᠠᠢ ᠴᠢᠬᠤᠯᠠ ᠶᠡᠭᠡ ᠢᠨᠵᠧᠨᠧᠷᠢᠩ ᠤᠳ ᠢ | ᠲᠥᠯᠥᠪᠯᠡᠨ ᠬᠡᠷᠡᠭᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ ᠭᠡᠵᠦ ᠵᠢᠭᠠᠨ ᠭᠠᠷᠭᠠᠵᠠᠢ᠃ | ᠬᠤᠷᠠᠯ ᠳᠡᠭᠡᠷ᠎ᠡ᠂ ᠪᠠᠷᠢᠮᠵᠢᠶ᠎ᠠ ᠶᠢ ᠢᠭᠲᠤᠷᠢᠭᠤᠯᠬᠤ ᠶᠢ ᠠᠬᠢᠭᠤᠯᠬᠤ ᠨᠢ ᠤᠯᠠᠨ ᠲᠦᠮᠡᠨ ᠤ ᠬᠡᠷᠡᠭᠴᠡᠭᠡ ᠶᠢ ᠨᠡᠩ ᠰᠠᠶᠢᠨ ᠬᠠᠩᠭᠠᠬᠤ᠂ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠬᠤ ᠳᠤ ᠬᠦᠴᠦᠨ ᠨᠡᠮᠡᠷᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠪᠠ | ᠬᠡᠷᠡᠭᠯᠡᠭᠴᠢ ᠵᠡᠷᠭᠡ ᠬᠤᠯᠪᠤᠭᠳᠠᠯ ᠪᠦᠬᠦᠢ ᠲᠠᠯ᠎ᠠ ᠶᠢᠨ ᠰᠠᠨᠠᠯ ᠤᠳ ᠢ ᠭᠦᠢᠴᠡᠳ ᠬᠤᠷᠢᠶᠠᠵᠤ᠂ ᠪᠠᠴᠢᠮ ᠬᠡᠷᠡᠭᠯᠡᠭᠡ ᠶᠢ ᠤᠷᠢᠳ ᠢᠶᠠᠷ ᠬᠡᠷᠡᠭᠵᠢᠭᠦᠯᠬᠦ ᠶᠢ | ᠪᠠᠷᠢᠮᠲᠠᠯᠠᠨ᠂ ᠨᠢᠭᠡ ᠵᠦᠢᠯ ᠤᠨ ᠪᠠᠷᠢᠮᠵᠢᠶ᠎ᠠ ᠨᠢ ᠪᠣᠯᠪᠠᠰᠤᠷᠠᠩᠭᠤᠢ ᠪᠣᠯᠪᠠᠯ ᠲᠡᠭᠦᠨ ᠢ ᠴᠠᠭ ᠲᠤᠬᠠᠢ ᠳᠤ ᠨᠢ ᠨᠡᠶᠢᠲᠡᠯᠡᠬᠦ ᠬᠡᠷᠡᠭᠲᠡᠢ᠃ ᠬᠢᠨᠠᠯᠲᠠ ᠲᠠᠯᠪᠢᠵᠤ | ᠪᠠᠶᠢᠴᠠᠭᠠᠬᠤ ᠪᠠᠨ ᠴᠢᠩᠭᠠᠳᠬᠠᠵᠤ᠂ ᠢᠵᠢ ᠪᠦᠷᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠡᠯ᠎ᠡ ᠵᠦᠢᠯ ᠤᠨ ᠪᠠᠷᠢᠮᠵᠢᠶ᠎ᠠ ᠶᠢ | ᠪᠣᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠨ ᠭᠠᠷᠭᠠᠪᠠ᠃ | ᠬᠤᠷᠠᠯ ᠳᠡᠭᠡᠷ᠎ᠡ᠂ ᠰᠤᠷᠭᠠᠭᠤᠯᠢ ᠡᠷᠬᠢᠯᠡᠬᠦ ᠨᠥᠬᠦᠴᠡᠯ᠂ ᠰᠤᠷᠭᠠᠨ ᠬᠥᠮᠦᠵᠢᠯ ᠤᠨ ᠴᠢᠨᠠᠷ ᠪᠠ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠬᠦ ᠪᠠᠷ ᠠᠵᠢᠯ ᠤᠨ ᠭᠤᠣᠯᠳᠠᠯᠭ᠎ᠠ ᠪᠠᠨ ᠪᠣᠯᠭᠠᠵᠤ᠂ ᠣᠷᠣᠨ ᠪᠦᠰᠡ᠂ ᠬᠤᠳᠠ ᠬᠥᠳᠡᠭᠡ᠂ ᠰᠤᠷᠭᠠᠭᠤᠯᠢ᠂ ᠤᠯᠠᠨ ᠲᠦᠮᠡᠨ ᠤ | ᠬᠤᠭᠤᠷᠤᠨᠳᠤᠬᠢ ᠰᠤᠷᠭᠠᠨ ᠬᠥᠮᠦᠵᠢᠯ ᠤᠨ ᠵᠥᠷᠢᠶ᠎ᠡ ᠶᠢ ᠲᠠᠰᠤᠷᠠᠯᠲᠠ ᠦᠭᠡᠢ ᠪᠠᠭᠠᠰᠬᠠᠵᠤ᠂ ᠨᠡᠩ ᠡᠷᠬᠡ ᠲᠡᠭᠰᠢ ᠨᠡᠩ ᠴᠢᠨᠠᠷ ᠰᠠᠶᠢᠲᠠᠢ ᠠᠯᠪᠠᠨ | ᠵᠢᠷᠤᠮ ᠤᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ᠃ ᠬᠥᠮᠥᠨ ᠠᠮᠠ ᠶᠢᠨ ᠬᠤᠪᠢᠷᠠᠯᠲᠠ ᠪᠠ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠠᠬᠢᠴᠠ ᠳᠤ ᠵᠣᠬᠢᠴᠠᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠶᠢ | ᠤᠷᠢᠳᠴᠢᠯᠠᠨ ᠰᠤᠳᠤᠯᠤᠨ ᠮᠠᠭᠠᠳᠯᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠠᠮᠢᠳᠤᠯᠢᠭ ᠴᠢᠨᠠᠷ ᠪᠠ ᠵᠣᠬᠢᠴᠠᠬᠤ ᠴᠢᠨᠠᠷ ᠢ ᠴᠢᠩᠭᠠᠷᠠᠭᠤᠯᠤᠨ᠂ | ᠡᠳ᠋ ᠤᠨ ᠵᠠᠰᠠᠭ ᠤᠨ ᠴᠢᠨᠠᠷᠲᠠᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠭᠤᠷᠠᠢ ᠭᠤᠭᠴᠤᠭ᠎ᠠ ᠲᠡᠶᠢᠰᠢ ᠬᠡᠯᠪᠠᠶᠢᠯᠭᠡᠬᠦ ᠪᠠᠨ | ᠡᠷᠴᠢᠮᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠳᠤᠲᠠᠭᠳᠠᠯ ᠢ ᠬᠦᠴᠦᠯᠡᠨ ᠨᠥᠬᠦᠪᠦᠷᠢᠯᠡᠬᠦ ᠬᠡᠷᠡᠭᠲᠡᠢ ᠭᠡᠵᠦ | ᠴᠢᠬᠤᠯᠠᠴᠢᠯᠠᠵᠠᠢ᠃ | ᠬᠤᠷᠠᠯ ᠳᠤ᠂ ᠴᠡᠷᠢᠭ ᠤᠨ ᠠᠰᠠᠷᠠᠮᠵᠢ ᠬᠠᠷᠠᠭᠠᠯᠵᠠᠯ ᠤᠨ ᠠᠵᠢᠯ ᠢ ᠰᠠᠶᠢᠲᠤᠷ ᠬᠢᠬᠦ ᠨᠢ ᠤᠯᠤᠰ ᠢ ᠬᠦᠴᠦᠷᠬᠡᠭᠵᠢᠭᠦᠯᠬᠦ ᠴᠡᠷᠢᠭ ᠠᠩᠭᠢ ᠢ | ᠬᠦᠴᠦᠷᠬᠡᠭᠵᠢᠭᠦᠯᠬᠦ ᠦᠢᠯᠡᠰ ᠲᠠᠢ ᠬᠤᠯᠪᠤᠭᠳᠠᠳᠠᠭ ᠭᠡᠵᠦ ᠵᠢᠭᠠᠨ ᠭᠠᠷᠭᠠᠪᠠ᠃ ᠬᠤᠷᠠᠯ ᠳᠤ ︽ᠴᠡᠷᠢᠭ ᠤᠨ ᠠᠰᠠᠷᠠᠮᠵᠢ ᠬᠠᠷᠠᠭᠠᠯᠵᠠᠯ ᠤᠨ ᠳᠦᠷᠢᠮ ︵ | ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠵᠦ ᠪᠠᠲᠤᠯᠠᠭᠠᠳ᠂ ᠲᠣᠭᠲᠠᠭᠠᠭᠰᠠᠨ ᠱᠠᠭᠠᠷᠳᠠᠯᠭ᠎ᠠ ᠪᠠ ᠪᠠᠷᠢᠮᠵᠢᠶ᠎ᠠ ᠶᠢ ᠴᠢᠩᠭ᠎ᠠ ᠵᠢᠷᠤᠮᠯᠠᠨ | ᠡᠯ᠎ᠡ ᠵᠦᠢᠯ ᠤᠨ ᠠᠰᠠᠷᠠᠮᠵᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | |