ᠪᠦᠬᠦ ᠬᠤᠰᠢᠭᠤᠨ ᠤ ᠮᠠᠯᠴᠢᠨ ᠲᠠᠷᠢᠶᠠᠴᠢᠳ ᠲᠤ ᠥᠭᠭᠦᠭᠰᠡᠨ ᠨᠢᠭᠡ ᠬᠤᠪᠢ ᠵᠠᠬᠢᠳᠠᠯ
ᠨᠡᠶᠢᠲᠡᠯᠡᠭᠰᠡᠨ ᠴᠠᠭ᠄
2024/3/13
ᠪᠥᠬᠦ ᠬᠤᠰᠢᠭᠤᠨ ᠤ ᠥᠷᠭᠡᠨ ᠣᠯᠠᠨ ᠮᠠᠯᠴᠢᠨ ᠲᠠᠷᠢᠶᠠᠴᠢᠳ ᠲᠤ᠄      ᠦᠷ᠎ᠡ᠂ ᠲᠠᠷᠢᠶᠠᠨ ᠡᠮ᠂ ᠪᠣᠷᠳᠣᠭᠤᠷ᠂ ᠮᠠᠯ ᠤᠨ ᠡᠮ᠂ ᠲᠡᠵᠢᠭᠡᠯ ᠪᠣᠷᠳᠤᠭ᠎ᠠ ᠵᠡᠷᠭᠡ ᠲᠠᠷᠢᠶᠠᠯᠠᠩ ᠤᠨ ᠬᠡᠷᠡᠭᠰᠡᠯ ᠤᠨ ᠪᠦᠲᠦᠭᠡᠭᠳᠡᠬᠦᠨ ᠨᠢ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠮᠣᠷ ᠲᠦᠪᠰᠢᠨ ᠪᠣᠯᠤᠨ ᠮᠠᠯᠴᠢᠨ ᠲᠠᠷᠢᠶᠠᠴᠢᠳ ᠤᠨ ᠨᠢᠭᠡ ᠵᠢᠯ ᠤᠨ ᠬᠤᠷᠢᠶᠠᠯᠲᠠ ᠲᠠᠢ ᠰᠢᠭᠤᠳ ᠬᠤᠯᠪᠣᠭᠳᠠᠵᠣ ᠪᠠᠶᠢᠳᠠᠭ᠃ ᠬᠠᠪᠤᠷ ᠤᠨ ᠲᠠᠷᠢᠶᠠᠯᠠᠭ᠎ᠠ ᠤᠳᠠᠯ ᠥᠬᠡᠶ ᠬᠦᠷᠴᠦ ᠢᠷᠡᠬᠦ ᠲᠠᠰᠢᠷᠠᠮ ᠳᠤ᠂ ᠮᠠᠯᠴᠢᠨ ᠲᠠᠷᠢᠶᠠᠴᠢᠳ ᠤᠨ ᠠᠮᠤᠷ ᠲᠦᠪᠰᠢᠨ᠂ ᠴᠢᠨᠠᠷ ᠰᠠᠶᠢᠲᠠᠶ ᠲᠠᠷᠢᠶᠠᠯᠠᠩ ᠤᠨ ᠬᠡᠷᠡᠭᠰᠡᠯ ᠤᠨ ᠪᠦᠲᠦᠭᠡᠭᠳᠡᠬᠦᠨ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂ ᠥᠷᠭᠡᠨ ᠣᠯᠠᠨ ᠮᠠᠯᠴᠢᠨ ᠲᠠᠷᠢᠶᠠᠴᠢᠳ ᠲᠤ᠂ ᠦᠷ᠎ᠡ ᠪᠠᠨ ᠪᠣᠯᠭᠤᠮᠵᠢᠲᠠᠶ ᠰᠣᠩᠭᠤᠵᠤ᠂ ᠰᠡᠷᠭᠡᠶᠢᠯᠡᠨ ᠡᠵᠡᠮᠳᠡᠬᠦ ᠶᠢ ᠴᠢᠬᠤᠯᠠᠴᠢᠯᠠᠨ᠂ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠬᠡᠷᠡᠭᠲᠡᠶ ᠭᠡᠵᠦ ᠰᠠᠨᠠᠭᠤᠯᠤᠶ᠎ᠠ᠄     ᠨᠢᠭᠡ᠂ ᠦᠢᠯᠡᠳᠪᠦᠷᠢᠯᠡᠯ ᠤᠨ ᠬᠤᠬᠢᠷᠠᠯ ᠭᠠᠷᠬᠤ ᠠᠴᠠ ᠵᠠᠶᠢᠯᠠᠰᠬᠢᠬᠦ ᠶᠢᠨ ᠲᠤᠰᠠᠳᠠ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠬᠤᠳᠠᠯᠳᠤᠨ ᠠᠪᠬᠤ ᠳᠠᠭᠠᠨ ᠮᠠᠯᠴᠢᠨ ᠲᠠᠷᠢᠶᠠᠴᠢᠳ ︽ᠲᠠᠪᠤ ᠶᠢ ᠠᠪᠬᠤ ᠦᠭᠡᠶ︾ ᠪᠠᠶᠢᠬᠤ ᠬᠡᠷᠡᠭᠲᠡᠶ᠃ ᠨᠢᠭᠡ ᠳᠤ᠂ ᠬᠢᠮᠳᠠ ᠶᠢ ᠪᠣᠳᠤᠵᠤ ᠡᠵᠡᠩᠨᠡᠯᠲᠡ ᠶᠢᠨ ᠬᠢᠷᠢ ᠬᠡᠮ ᠦᠭᠡᠢ ᠠᠶᠢᠯ ᠡᠷᠦᠬᠡ ᠪᠠᠷ ᠬᠡᠰᠦᠭᠦᠴᠢᠯᠡᠭᠰᠡᠨ ᠶᠠᠪᠤᠭᠤᠯ ᠬᠤᠳᠠᠯᠳᠤᠭᠠᠴᠢᠨ ᠪᠤᠶᠤ ᠲᠦᠷᠦᠯ ᠰᠠᠳᠤᠨ ᠨᠠᠶᠢᠵᠠ ᠨᠥᠬᠦᠳ ᠤᠨ ᠭᠠᠷ ᠠᠴᠠ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠬᠤ ᠪᠤᠶᠤ ᠰᠠᠨᠠᠭᠠᠴᠢᠯᠠᠭ᠎ᠠ ᠠᠴᠠ ᠪᠠᠨ ᠱᠡᠭᠡᠯᠡᠨ ᠪᠣᠷᠣᠯᠠᠭᠤᠯᠵᠤ ᠪᠠᠶᠢᠭ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠬᠤᠳᠠᠯᠳᠤᠨ ᠠᠪᠴᠤ ᠪᠣᠯᠬᠤ ᠦᠭᠡᠢ︔ ᠬᠤᠶᠠᠷ ᠲᠤ᠂ ᠰᠤᠯᠠ ᠪᠣᠭᠤᠳᠠᠯ ᠲᠠᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠪᠤᠶᠤ ᠪᠣᠭᠤᠳᠠᠯ ᠢ ᠵᠠᠳᠠᠯᠠᠭᠰᠠᠨ ᠵᠢᠴᠢ ᠱᠣᠰᠢᠭ᠎ᠠ ᠲᠡᠮᠳᠡᠭ ᠢ ᠪᠠᠯᠠᠯᠤᠨ ᠵᠠᠰᠠᠭᠰᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠬᠤᠳᠠᠯᠳᠤᠨ ᠠᠪᠴᠤ ᠪᠣᠯᠬᠤ ᠦᠭᠡᠢ︔ ᠭᠤᠷᠪᠠ ᠳᠤ᠂ ᠬᠤᠳᠠᠯ ᠬᠠᠭᠤᠷᠮᠠᠭ ᠤᠬᠠᠭᠤᠯᠭ᠎ᠠ ᠶᠢ ᠠᠮᠠᠷᠬᠠᠨ ᠢᠲᠡᠭᠡᠵᠦ ᠪᠣᠯᠬᠤ ᠦᠭᠡᠢ᠂ ︽ᠮᠡᠬᠡᠯᠡᠭᠳᠡᠬᠦ︾ ᠠᠴᠠ ᠰᠡᠷᠭᠡᠶᠢᠯᠡᠬᠦ ᠬᠡᠷᠡᠭᠲᠡᠢ᠃ ᠣᠳᠣᠬᠠᠨ ᠤ ᠪᠣᠷᠤᠯᠠᠭᠤᠯᠭ᠎ᠠ  ᠣᠯᠠᠨ ᠵᠦᠢᠯ ᠤᠨ ᠪᠠᠶᠢᠬᠤ ᠪᠥᠭᠡᠳ ᠠᠷᠭ᠎ᠠ ᠪᠠᠷᠢᠯ ᠨᠢ ᠨᠡᠩ ᠴᠤ ᠡᠮᠬᠢ ᠵᠠᠮᠪᠠᠷᠠᠭ᠎ᠠ ᠦᠬᠡᠢ ᠪᠠᠶᠢᠨ᠎ᠠ᠂ ᠡᠯ᠎ᠡ ᠵᠦᠢᠯ ᠤᠨ ᠲᠤᠬᠠᠢ ᠶᠢᠨ ᠲᠠᠯᠠᠪᠤᠷ ᠤᠨ ᠴᠤᠭᠯᠠᠭᠠᠨ᠂ ᠦᠵᠡᠭᠦᠯᠦᠯᠭᠡ ᠶᠢᠨ ᠴᠤᠭᠯᠠᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠯ᠂ ᠰᠢᠪᠠᠭ᠎ᠠ ᠰᠤᠭᠤᠯᠬᠤ ᠵᠡᠷᠭᠡ ᠤᠯᠠᠨ ᠵᠦᠢᠯ ᠤᠨ ᠬᠡᠯᠪᠡᠷᠢ  ᠪᠠᠶᠢᠳᠠᠭ ᠠᠴᠠ ᠣᠯᠠᠨ  ᠲᠦᠮᠡᠨ ᠰᠡᠷᠡᠮᠵᠢᠲᠡᠢ  ᠪᠠᠶᠢᠭᠠᠷᠠᠢ︔ ᠳᠥᠷᠪᠡ ᠳᠤ᠂ ᠰᠢᠨ᠎ᠡ ᠲᠦᠷᠦᠯ ᠵᠦᠢᠯ ᠢ ᠰᠣᠬᠤᠷ ᠪᠠᠯᠠᠶ ᠪᠠᠷ ᠬᠥᠭᠡᠭᠡᠴᠡᠯᠳᠦᠵᠦ ᠪᠣᠯᠬᠤ ᠦᠭᠡᠶ᠂ ᠵᠠᠷᠢᠮ ᠡᠵᠡᠩᠨᠡᠨ ᠪᠣᠷᠣᠯᠠᠭᠤᠯᠤᠭᠴᠢ ᠭᠡᠷ᠎ᠡ ᠪᠠᠷ ᠵᠠᠬᠢᠶᠠᠯᠠᠬᠤ ᠬᠡᠯᠪᠡᠷᠢ ᠪᠠᠷ ᠰᠢᠨ᠎ᠡ ᠲᠦᠷᠦᠯ ᠵᠦᠢᠯ ᠢ ᠳᠡᠯᠭᠡᠷᠡᠭᠦᠯᠦᠨ ᠪᠣᠷᠣᠯᠠᠭᠤᠯᠵᠤ᠂ ᠵᠠᠷᠢᠮ ᠲᠦᠷᠤᠯ ᠵᠦᠢᠯ ᠨᠢ ᠲᠤᠬᠠᠢ ᠶᠢᠨ ᠭᠠᠵᠠᠷ ᠲᠤ ᠲᠤᠷᠰᠢᠯᠳᠠ ᠬᠢᠭᠰᠡᠨ ᠦᠭᠡᠢ ᠠᠴᠠ ᠲᠠᠷᠢᠮᠠᠯ ᠤᠨ ᠲᠦᠭᠰᠢᠬᠦᠷᠢ ᠨᠡᠯᠢᠶᠡᠳ ᠶᠡᠭᠡ ᠣᠷᠣᠰᠢᠵᠤ ᠪᠠᠶᠢᠳᠠᠭ︔ ᠲᠠᠪᠤ ᠳᠤ᠂ ᠠᠳᠠᠯᠢ ᠲᠦᠷᠦᠯ ᠤᠨ ᠦᠷ᠎ᠡ ᠶᠢ ᠶᠡᠭᠡ ᠬᠡᠪᠴᠢᠶ᠎ᠠ ᠪᠠᠷ ᠵᠠᠯᠭᠠᠯᠳᠤᠭᠤᠯᠤᠨ ᠲᠠᠷᠢᠵᠦ ᠪᠣᠯᠬᠤ ᠦᠭᠡᠢ᠃      ᠬᠤᠶᠠᠷ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠲᠤᠬᠠᠢ ᠵᠢᠭᠤᠷᠠᠯᠳᠤᠭᠠᠨ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠮᠠᠯᠴᠢᠨ ᠲᠠᠷᠢᠶᠠᠴᠢᠳ ᠰᠣᠩᠭᠤᠨ ᠬᠤᠳᠠᠯᠳᠤᠨ ᠠᠪᠬᠤ ᠭᠡᠵᠤ  ᠪᠠᠶᠢᠭ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠳᠤ ᠶᠠᠰᠤ ᠴᠢᠨᠠᠷ ᠤᠨ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠡᠩ ᠲᠡᠷᠢᠭᠦᠨ ᠳᠤ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠲᠠᠢ ᠬᠠᠷᠢᠯᠴᠠᠵᠤ᠂ ᠬᠤᠶᠠᠷ ᠲᠠᠯ᠎ᠠ ᠪᠠᠷ ᠢᠶᠠᠨ ᠵᠥᠪᠳᠡᠯᠴᠡᠨ ᠰᠢᠢᠳᠪᠦᠷᠢᠯᠡᠬᠦ ᠬᠡᠷᠡᠭᠲᠡᠶ︔ ᠵᠥᠪᠳᠡᠯᠴᠡᠭᠡᠳ ᠰᠢᠢᠳᠪᠦᠷᠢᠯᠡᠵᠦ ᠳᠡᠶᠢᠯᠬᠦ ᠦᠭᠡᠢ ᠪᠣᠯ ᠬᠠᠷᠢᠶ᠎ᠠ ᠣᠷᠣᠨ ᠤ ᠪᠠᠨ ᠲᠠᠷᠢᠶᠠᠯᠠᠩ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠲᠠᠷᠢᠶᠠᠨ ᠭᠠᠵᠠᠷ ᠤᠨ ᠲᠤᠬᠠᠶ ᠶᠢᠨ ᠲᠠᠯᠠᠪᠤᠷ ᠤᠨ ᠮᠡᠷᠭᠡᠵᠢᠯ ᠤᠨ ᠬᠢᠨᠠᠨ ᠲᠣᠭᠲᠠᠭᠠᠯᠲᠠ ᠬᠢᠯᠭᠡᠬᠦ ᠪᠠᠷ ᠭᠤᠶᠤᠴᠢᠯᠠᠵᠤ ᠪᠣᠯᠤᠨ᠎ᠠ᠂ ᠲᠠᠷᠢᠮᠠᠯ ᠤᠨ ᠬᠠᠮᠤᠭ ᠰᠠᠶᠢᠨ ᠬᠢᠨᠠᠨ ᠲᠣᠭᠲᠠᠭᠠᠯᠲᠠ ᠶᠢᠨ ᠬᠤᠭᠤᠴᠠᠭ᠎ᠠ ᠶᠢ ᠶᠠᠭᠠᠬᠢᠭᠰᠠᠨ ᠴᠤ ᠠᠯᠳᠠᠵᠤ ᠪᠣᠯᠬᠤ ᠦᠭᠡᠢ᠃ ᠪᠠᠰᠠ ᠴᠣ᠋ ᠠᠷᠠᠳ ᠤᠨ ᠰᠢᠭᠦᠬᠦ ᠬᠤᠷᠢᠶᠠᠨ ᠳᠤ ᠰᠢᠭᠤᠳ ᠵᠡᠭᠠᠯᠳᠦᠵᠦ  ᠪᠣᠯᠤᠨ᠎ᠠ᠃      ᠭᠤᠷᠪᠠ᠂ ᠮᠠᠯᠴᠢᠨ ᠲᠠᠷᠢᠶᠠᠴᠢᠳ ᠠᠶᠢᠯ ᠡᠷᠦᠬᠡ ᠪᠠᠷ ᠶᠠᠪᠤᠵᠤ ᠪᠣᠭᠤᠳᠠᠯ ᠪᠠᠭᠯᠠᠭ᠎ᠠ ᠥᠬᠡᠶ᠂ ᠱᠣᠰᠢᠭ᠎ᠠ ᠲᠡᠮᠳᠡᠭ ᠥᠬᠡᠶ᠂ ᠬᠢᠲᠠᠳ ᠥᠰᠥᠭ ᠤᠨ ᠢᠯᠡᠳᠬᠡᠮᠵᠢ ᠲᠡᠮᠳᠡᠭ ᠥᠬᠡᠶ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠪᠣᠷᠣᠯᠠᠭᠤᠯᠤᠭᠰᠠᠨ ᠢ ᠣᠯᠵᠤ ᠮᠡᠳᠡᠪᠡᠯ  ᠴᠠᠭ ᠲᠤᠬᠠᠶ ᠳᠤᠨᠢ ᠬᠠᠷᠢᠶ᠎ᠠ ᠣᠷᠣᠨ ᠤ ᠪᠠᠨ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠬᠡᠷᠡᠭᠲᠡᠶ᠂ ᠪᠢᠳᠡ ᠢᠯᠡᠴᠢᠯᠡᠨ ᠮᠡᠳᠡᠭᠦᠯᠦᠭᠴᠢ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠲᠠᠢ  ᠬᠠᠮᠵᠢᠯᠴᠠᠨ  ᠬᠠᠤᠯᠢ ᠶᠣᠰᠣᠨ ᠤ ᠡᠷᠬᠡ ᠠᠰᠢᠭ ᠢ ᠬᠠᠮᠲᠤᠪᠠᠷ ᠬᠠᠮᠠᠭᠠᠯᠠᠨ᠎ᠠ᠃             ᠢᠯᠡᠴᠢᠯᠡᠨ ᠮᠡᠳᠡᠭᠦᠯᠬᠦ ᠤᠲᠠᠰᠤ᠄                 ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ               ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ                                 0478 - 3227303
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ