ᠰᠢᠨ ᠠᠨ ᠪᠠᠯᠭᠠᠰᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/3/14
    ᠡᠨᠡ ᠵᠢᠯ᠂ ᠤᠷᠠᠳ ᠤᠨ ᠡᠮᠦᠨᠡᠲᠦ ᠬᠤᠰᠢᠭᠤᠨ ᠤ ᠰᠢᠨ ᠠᠨ ᠪᠠᠯᠭᠠᠰᠤ ᠪᠣᠳᠠᠲᠤ ᠪᠠᠶᠢᠳᠠᠯ ᠪᠠ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠦᠢᠯᠡᠰ ᠢ ᠬᠥᠭᠵᠢᠭᠦᠯᠵᠦ ᠪᠠᠶᠢᠨ᠎ᠠ᠃      ᠲᠣᠰ ᠪᠠᠯᠭᠠᠰᠣ 7.7 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ  ᠲᠡᠰ ᠳᠡᠪᠰᠢᠬᠦᠯᠦᠨ ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠦᠨ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠴᠢᠩᠭᠠᠷᠠᠭᠤᠯᠤᠨ᠂ ᠠᠮᠤ ᠪᠤᠳᠠᠭᠠᠨ ᠤ ᠡᠯᠪᠡᠭ ᠬᠤᠷᠢᠶᠠᠯᠲᠠ ᠣᠯᠬᠤ ᠳᠤ ᠪᠠᠲᠤᠯᠠᠭ᠎ᠠ ᠬᠠᠩᠭᠠᠪᠠ᠃ ᠴᠢᠩ ᠬᠤᠸᠠ ᠲᠣᠰᠬᠤᠨ ᠢᠶᠠᠷ ᠲᠥᠪ ᠪᠣᠯᠭᠠᠭᠰᠠᠨ 258 ᠮᠦ ᠬᠠᠮᠲᠤ ᠶᠢᠨ ᠰᠤᠯᠠ ᠪᠠᠶᠢᠭ᠎ᠠ ᠭᠠᠵᠠᠷ ᠰᠢᠷᠣᠢ ᠶᠢ ᠠᠰᠢᠭᠯᠠᠨ 1.45 ᠲᠦᠮᠡᠨ ᠮᠦ ᠳᠤ ᠬᠠᠲᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠲᠥᠷᠥᠯ ᠵᠦᠢᠯ ᠤᠨ ᠲᠣᠭᠤᠷᠢᠭ ᠢ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠥᠷᠥᠯ ᠵᠦᠢᠯ ᠲᠠᠢ ᠬᠠᠮᠲᠤ ᠳᠤᠨᠢ ᠲᠥᠯᠥᠪᠵᠢᠭᠦᠯᠵᠦ᠂ ᠬᠠᠮᠲᠤ ᠳᠤᠨᠢ ᠪᠦᠲᠦᠭᠡᠨ ᠪᠠᠶᠢᠭᠤᠯᠵᠤ᠂ ᠢᠵᠢ ᠪᠦᠷᠢᠳᠦᠭᠦᠯᠬᠦ ᠪᠡᠯᠡᠳᠬᠡᠮᠵᠢ ᠶᠢ ᠪᠣᠳᠠᠲᠠᠶᠢᠵᠢᠭᠤᠯᠪᠠ᠃ ᠣᠳᠣᠬᠠᠨ ᠳᠤ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠲᠥᠷᠥᠯ ᠵᠦᠢᠯ ᠲᠣᠭᠲᠠᠭᠠᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠨᠢᠭᠡᠨᠲᠡ ᠪᠦᠬᠦᠨ ᠢ ᠳᠠᠭᠤᠰᠬᠠᠵᠤ᠂ ᠨᠢᠭᠡᠨᠲᠡ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠱᠠᠲᠤᠨ ᠳᠤ ᠣᠷᠣᠪᠠ᠃ ᠵᠠᠯᠭᠠᠭᠠᠳ ︽ᠲᠣᠰᠬᠤᠨ ᠠᠵᠤ ᠠᠬᠤᠶᠢᠯᠠᠯ ᠲᠠᠷᠢᠶᠠᠯᠠᠩ ᠤᠨ ᠬᠠᠮᠲᠤᠷᠠᠯᠴᠠᠭ᠎ᠠ᠂ ᠦᠢᠯᠡᠳᠪᠦᠷᠢᠯᠡᠯ ᠡᠳ᠋ᠰᠢᠭᠦᠯᠦᠯᠲᠡ ᠪᠣᠷᠣᠯᠠᠭᠤᠯᠭ᠎ᠠ ᠶᠢ ᠨᠢᠭᠡ ᠴᠤᠭᠴᠠᠵᠢᠭᠤᠯᠬᠤ︾ ᠰᠡᠳᠬᠢᠴᠡ ᠶᠣᠰᠣᠭᠠᠷ᠂ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠠᠮᠲᠠᠯᠢᠭ ᠡᠷᠳᠡᠨᠢ ᠰᠢᠰᠢ᠂ ᠳᠠᠪᠤᠰᠤᠯᠠᠭᠰᠠᠨ ᠤᠯᠠᠭᠠᠨ ᠨᠣᠭᠤᠭ᠎ᠠ᠂ ᠮᠢᠬᠠᠨ ᠤ ᠲᠦᠷᠦᠯ ᠤᠨ ᠤᠷᠢᠳᠴᠢᠯᠠᠨ ᠬᠢᠭᠰᠡᠨ ᠨᠣᠭᠤᠭ᠎ᠠ ᠵᠡᠷᠭᠡ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠲᠦᠷᠦᠯ ᠵᠦᠢᠯ ᠢ ᠣᠷᠣᠭᠤᠯᠤᠨ ᠠᠪᠴᠢᠷᠠᠬᠤ ᠲᠤᠬᠠᠢ ᠵᠥᠪᠳᠡᠯᠴᠡᠵᠦ᠂ ᠪᠦᠬᠦ ᠠᠵᠤ ᠦᠢᠯᠡᠰ ᠤᠨ ᠬᠡᠯᠬᠢᠶ᠎ᠡ ᠶᠢ ᠨᠢᠭᠡ ᠴᠣᠭᠴᠠᠵᠢᠭᠤᠯᠤᠭᠰᠠᠨ ᠣᠨᠴᠠᠯᠢᠭᠲᠤ ᠪᠦᠲᠦᠭᠡᠭᠳᠡᠬᠦᠨ ᠢ ᠠᠭᠤᠰᠤᠯᠴᠠᠭᠤᠯᠤᠨ ᠬᠥᠭᠵᠢᠭᠦᠯᠬᠦ ᠣᠷᠣᠨ ᠢ  ᠪᠠᠶᠢᠭᠤᠯᠵᠤ ᠂ ᠲᠠᠢ ᠱᠧᠩ ᠰᠢᠩ ᠶᠧ ᠺᠣᠮᠫᠠᠨᠢ ᠶᠢᠨ ᠡᠳᠦᠷ ᠲᠤ 3600 ᠲᠣᠨ ᠲᠥᠪᠡᠳ ᠬᠠᠰᠢ ᠶᠢᠨ ᠡᠭᠡᠳᠡᠩ ᠪᠣᠯᠪᠠᠰᠤᠷᠠᠭᠤᠯᠬᠤ ᠦᠢᠯᠡᠳᠪᠦᠷᠢ ᠶᠢ ᠠᠮᠢᠯᠠᠭᠤᠯᠵᠤ᠂ ᠲᠠᠷᠢᠶᠠᠯᠠᠩ ᠤᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠡᠶᠡᠯᠡᠬᠦᠯᠦᠨ᠂ ︽ᠨᠢᠭᠡ ᠲᠣᠰᠬᠤᠨ ᠨᠢᠭᠡ ᠦᠢᠯᠡᠳᠬᠦᠨ︾   ᠤ ᠣᠨᠴᠠᠯᠢᠭᠲᠤ ᠲᠦᠷᠦᠯ ᠲᠡᠮᠳᠡᠭ ᠢ ᠡᠭᠦᠳᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠤ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ