ᠤᠷᠠᠳ ᠤᠨ ᠡᠮᠦᠨᠡᠲᠦ ᠬᠤᠰᠢᠭᠤ ᠠᠮᠢᠳᠠᠨ ᠤ ᠡᠪᠡᠳᠴᠢᠨ ᠬᠢᠵᠢᠭ ᠢ ᠲᠥᠪᠯᠡᠷᠡᠭᠦᠯᠦᠨ ᠰᠡᠷᠭᠡᠶᠢᠯᠡᠬᠦ ᠲᠠᠶᠢᠯᠠᠯᠳᠤᠭᠠᠨ ᠵᠢᠴᠢ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/14
     3 ᠰᠠᠷ᠎ᠠ ᠶᠢᠨ 12 ᠤᠨ ᠡᠳᠦᠷ᠂ ᠤᠷᠠᠳ ᠤᠨ ᠡᠮᠦᠨᠡᠲᠦ ᠬᠤᠰᠢᠭᠤ ᠠᠮᠢᠳᠠᠨ ᠤ ᠬᠢᠵᠢᠭ ᠡᠪᠡᠳᠴᠢᠨ ᠢ ᠲᠥᠪᠯᠡᠷᠡᠭᠦᠯᠦᠨ ᠰᠡᠷᠭᠡᠶᠢᠯᠡᠬᠦ ᠲᠠᠶᠢᠯᠠᠯᠳᠤᠭᠠᠨ ᠵᠢᠴᠢ ᠮᠠᠯ ᠡᠮᠨᠡᠯᠭᠡ ᠶᠢᠨ ᠨᠡᠶᠢᠬᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ ᠬᠤᠷᠠᠯ ᠬᠤᠷᠠᠯᠳᠤᠪᠠ᠃

动物疫病.jpg

     ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ

ᠪᠢᠳᠡᠨ ᠴᠢᠶᠦᠣ ᠬᠤᠩ ᠂ ᠡᠯ᠎ᠡ ᠰᠤᠮᠤ ᠪᠠᠯᠭᠠᠰᠤ᠂ ᠲᠠᠷᠢᠶᠠᠯᠠᠬᠤ ᠮᠠᠯᠵᠢᠬᠤ ᠵᠢᠭᠠᠰᠤᠨ ᠲᠠᠯᠠᠪᠠᠢ᠂ ᠡᠯ᠎ᠡ ᠬᠠᠮᠢᠶ᠎ᠠ  ᠪᠦᠬᠦᠢ  ᠰᠠᠯᠠᠭ᠎ᠠ ᠮᠥᠴᠢᠷ  ᠤᠨ

ᠬᠠᠷᠢᠭᠤᠴᠠᠯᠭᠠᠲᠠᠨ᠂ ᠮᠠᠯ ᠡᠮᠨᠡᠯᠭᠡ ᠶᠢᠨ  ᠨᠡᠶᠢᠭᠡᠮᠴᠢᠯᠡᠭᠰᠡᠨ  ᠺᠤᠮᠫᠠᠨᠢ ᠶᠢᠨ ᠬᠠᠮᠢᠶ᠎ᠠ ᠲᠠᠢ ᠬᠥᠮᠥᠰ ᠬᠤᠷᠠᠯ  ᠳᠤ ᠣᠷᠣᠯᠴᠠᠪᠠ᠃

     ᠬᠤᠷᠠᠯ ᠠᠴᠠ 《 2024 ᠣᠨ ᠤ ᠪᠥᠬᠦ ᠬᠤᠰᠢᠭᠤᠨ ᠤ ᠠᠮᠢᠳᠠᠨ ᠤ  ᠬᠢᠵᠢᠭ ᠡᠪᠡᠳᠴᠢᠨ ᠢ ᠲᠥᠪᠯᠡᠷᠡᠭᠦᠯᠦᠨ ᠰᠡᠷᠭᠡᠶᠢᠯᠡᠬᠦ ᠲᠠᠶᠢᠯᠠᠯᠳᠤᠭᠠᠨ ᠢ

ᠪᠥᠬᠦ ᠲᠠᠯ᠎ᠠ ᠪᠠᠷ ᠰᠠᠶᠢᠲᠤᠷ ᠬᠢᠬᠦ ᠲᠤᠬᠠᠢ ᠮᠡᠳᠡᠭᠳᠡᠯ 》 ᠳᠤ ᠲᠠᠶᠢᠯᠤᠮᠵᠢ ᠬᠢᠵᠦ᠂ ᠠᠮᠢᠲᠠᠨ ᠤ  ᠬᠢᠵᠢᠭ ᠡᠪᠡᠳᠴᠢᠨ ᠤ ᠲᠠᠶᠢᠯᠠᠯᠳᠤᠭᠠᠨ ᠤ ᠡᠯ᠎ᠡ ᠵᠦᠢᠯ

 ᠤᠨ ᠠᠵᠢᠯ ᠤᠨ ᠡᠭᠦᠷᠭᠡ ᠵᠢᠴᠢ ᠱᠠᠭᠠᠷᠳᠠᠯᠭ᠎ᠠ ᠶᠢ ᠲᠣᠳᠣᠷᠬᠠᠶᠢᠯᠠᠪᠠ᠃

    ᠬᠤᠷᠠᠯ ᠠᠴᠠ᠂ ᠡᠯ᠎ᠡ ᠭᠠᠵᠠᠷ ᠣᠷᠣᠨ  ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ  ᠦᠵᠡᠯᠲᠡ ᠲᠠᠨᠢᠯᠲᠠ ᠪᠠᠨ ᠳᠡᠭᠡᠭᠰᠢᠯᠡᠭᠦᠯᠵᠦ ᠂ ᠭᠤᠣᠯᠳᠠᠯᠭ᠎ᠠ

 ᠲᠠᠢ ᠮᠠᠯ ᠵᠢᠭᠦᠷᠲᠡᠨ ᠤ  ᠬᠢᠵᠢᠭ ᠡᠪᠡᠳᠴᠢᠨ ᠢ ᠰᠤᠯᠠᠷᠠᠭᠤᠯᠤᠯ ᠦᠭᠡᠢ ᠴᠢᠩᠭ᠎ᠠ ᠠᠩᠬᠠᠷᠴᠤ᠂ ᠭᠠᠳᠠᠨ᠎ᠠ ᠠᠴᠠ ᠣᠷᠣᠬᠤ  ᠬᠢᠵᠢᠭ ᠡᠪᠡᠳᠴᠢᠨ 

ᠬᠠᠯᠳᠠᠪᠤᠷᠢᠯᠠᠬᠤ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ᠂ ᠬᠥᠮᠥᠨ ᠮᠠᠯ ᠳᠤ ᠲᠣᠰᠳᠠᠭ  ᠬᠢᠵᠢᠭ ᠡᠪᠡᠳᠴᠢᠨ ᠢ  ᠰᠡᠷᠭᠡᠶᠢᠯᠡᠨ ᠬᠢᠵᠠᠭᠠᠷᠯᠠᠬᠤ ᠶᠢ

ᠴᠢᠩᠭ᠎ᠠ ᠠᠳᠬᠤᠵᠤ᠂ ᠬᠠᠷᠢᠭᠤᠴᠠᠯᠭ᠎ᠠ ᠶᠢ ᠪᠤᠳᠠᠲᠠᠶᠢᠵᠢᠭᠤᠯᠵᠤ᠂ ᠮᠠᠯ ᠡᠮᠨᠡᠯᠭᠡ ᠶᠢᠨ  ᠨᠡᠶᠢᠭᠡᠮᠴᠢᠯᠡᠭᠰᠡᠨ  ᠦᠢᠯᠡᠴᠢᠯᠡᠭᠡ ᠶᠢ  ᠭᠦᠨᠵᠡᠭᠡᠢ ᠳᠦᠯᠬᠢᠨ

ᠠᠬᠢᠭᠤᠯᠵᠤ᠂  ᠡᠯ᠎ᠡ ᠰᠤᠮᠤ ᠪᠠᠯᠭᠠᠰᠤ᠂ ᠲᠠᠷᠢᠶᠠᠯᠠᠬᠤ  ᠮᠠᠯᠵᠢᠬᠤ ᠵᠢᠭᠠᠰᠤᠨ ᠲᠠᠯᠠᠪᠠᠶ ᠶᠢᠨ ᠬᠢᠨ ᠬᠠᠷᠢᠶ᠎ᠠ ᠣᠷᠣᠨ ᠤ ᠪᠠᠨ ᠠᠮᠢᠳᠠᠨ ᠤ  ᠡᠪᠡᠳᠴᠢᠨ 

ᠬᠢᠵᠢᠭ ᠢ ᠰᠡᠷᠭᠡᠶᠢᠯᠡᠨ ᠡᠵᠡᠮᠳᠡᠬᠦ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠳᠠᠭᠠᠭᠠᠨ  ᠬᠠᠷᠢᠭᠤᠴᠠᠬᠤ ᠠᠵᠤ ᠠᠬᠤᠶᠢᠯᠠᠯ ᠤᠨ ᠬᠢᠨᠠᠯᠲᠡ

ᠬᠠᠮᠢᠶᠠᠷᠤᠯᠲᠠ ᠪᠠᠨ ᠴᠢᠩᠭᠠᠳᠠᠬᠤ ᠬᠡᠷᠡᠭᠲᠡᠢ᠃ ᠮᠠᠯ ᠡᠮᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ  ᠺᠤᠮᠫᠠᠨᠢ《  ᠬᠢᠵᠢᠭ ᠢ ᠰᠡᠷᠭᠡᠶᠢᠯᠡᠬᠦ +

ᠡᠮᠨᠡᠨ ᠵᠠᠰᠠᠬᠤ︾  ᠵᠠᠭᠪᠤᠷ ᠢ ᠬᠡᠷᠡᠭᠵᠢᠭᠦᠯᠵᠦ᠂ ᠤᠷᠤᠯᠭ᠎ᠠ ᠡᠭᠦᠳᠬᠦ ᠥᠷᠭᠡᠳᠬᠡᠭᠰᠡᠨ ᠴᠢᠨᠠᠷᠲᠠᠢ ᠦᠢᠯᠡᠴᠢᠯᠡᠭᠡ ᠢ ᠥᠷᠨᠢᠭᠦᠯᠦᠨ ᠂  ᠲᠡᠵᠢᠭᠡᠨ

ᠦᠷᠡᠵᠢᠭᠦᠯᠬᠦ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠦᠢᠯᠡᠴᠢᠯᠡᠭᠡᠨ ᠤ ᠶᠠᠰᠤ ᠴᠢᠨᠠᠷ  ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ

ᠬᠡᠷᠡᠭᠲᠡᠢ᠃ ᠲᠠᠷᠢᠶᠠᠯᠠᠩ ᠳᠤ ᠬᠤᠯᠪᠣᠭᠳᠠᠬᠤ ᠰᠠᠯᠠᠭ᠎ᠠ ᠮᠥᠴᠢᠷ ᠤᠨ ᠬᠢᠨ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠮᠡᠷᠭᠡᠵᠢᠯ ᠤᠨ 

ᠵᠢᠯᠤᠭᠤᠳᠤᠯᠭ᠎ᠠ ᠥᠷᠨᠢᠭᠦᠯᠦᠨ᠂ ᠠᠮᠢᠳᠠᠨ ᠤ  ᠬᠢᠵᠢᠭ ᠢ ᠰᠡᠷᠭᠡᠶᠢᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ

ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃  ᠪᠣᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ

 ᠶᠢᠨ ᠶᠣᠰᠣᠭᠠᠷ ᠠᠮᠢᠳᠠᠨ ᠤ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ  ᠰᠠᠶᠢᠲᠤᠷ ᠪᠡᠶᠡᠯᠡᠭᠦᠯᠵᠦ᠂  ᠣᠳᠤᠬᠠᠨ ᠤ ᠬᠠᠪᠤᠷ ᠤᠨ ᠤᠯᠠᠷᠢᠯ

 ᠤᠨ ᠠᠮᠢᠳᠠᠨ ᠤ  ᠡᠬᠡᠯᠢᠯᠡᠭᠡ ᠶᠢᠨ ᠲᠠᠷᠢᠯᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠡᠵᠢᠬᠡᠨ ᠦᠷᠡᠵᠢᠭᠦᠯᠬᠦ᠂ ᠨᠢᠳᠤᠯᠬᠤ᠂

ᠲᠡᠭᠡᠭᠡᠪᠦᠷᠢᠯᠡᠬᠦ  ᠵᠡᠷᠭᠡ ᠲᠠᠯ᠎ᠠ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠨ᠂  ᠠᠹᠷᠢᠺᠠ ᠤᠨ ᠭᠠᠭ᠋ᠠᠢ ᠶᠢᠨ  ᠬᠢᠵᠢᠭ ᠪᠠ   ᠪᠷᠦ᠋ᠼᠧᠯ ᠡᠪᠡᠳᠴᠢᠨ ᠢ

ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂  ᠬᠢᠵᠢᠭ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠪᠠ ᠪᠠᠴᠢᠮ

ᠪᠠᠶᠢᠳᠠᠯ ᠢ ᠠᠷᠭᠠᠴᠠᠬᠤ ᠪᠡᠯᠡᠳᠬᠡᠯ ᠢ ᠵᠢᠷᠤᠮᠵᠢᠭᠤᠯᠤᠨ᠂ ᠭᠠᠭ᠋ᠠᠢ ᠪᠠ ᠵᠢᠭᠦᠷᠲᠡᠨ ᠤ ᠲᠡᠵᠢᠬᠡᠨ ᠦᠷᠡᠵᠢᠭᠦᠯᠬᠦ ᠲᠠᠯᠠᠪᠠᠶ ᠶᠢᠨ《 ᠤᠷᠢᠳᠠᠪᠠᠷ ᠲᠠᠷᠢᠯᠭ᠎ᠠ

ᠬᠢᠵᠦ  ᠳᠠᠷᠠᠭ᠎ᠠ ᠨᠢ ᠨᠥᠬᠦᠪᠦᠷᠢᠯᠡᠬᠦ︾ ᠠᠵᠢᠯ ᠢ  ᠠᠬᠢᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠤᠳᠠᠲᠠᠢ ᠳᠤ

ᠨᠠᠶᠢᠳᠠᠪᠤᠷᠢᠵᠢᠭᠤᠯᠬᠤ ᠶᠢ  ᠦᠨᠡᠨᠬᠦ ᠪᠠᠲᠤᠯᠠᠬᠤ ᠬᠡᠷᠡᠭᠲᠡᠢ ᠭᠡᠵᠡᠢ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ