ᠨᠡᠭᠦᠳᠡᠯ ᠤᠨ ᠰᠢᠪᠠᠭᠤᠳ ᠰᠠᠭᠠᠲᠠᠵᠤ ᠬᠠᠪᠤᠷ ᠤᠨ ᠰᠠᠶᠢᠬᠠᠨ ᠦᠵᠡᠮᠵᠢ ᠶᠢ  ᠪᠦᠷᠢᠯᠳᠦᠭᠦᠯᠪᠡ
ᠨᠡᠶᠢᠲᠡᠯᠡᠭᠰᠡᠨ ᠴᠠᠭ᠄
2024/3/14
      ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠬᠦ ᠶᠢ ᠲᠠᠭᠠᠯᠳᠤᠨ᠂ ᠤᠷᠠᠳ ᠤᠨ ᠡᠮᠦᠨᠡᠲᠦ ᠬᠤᠰᠢᠭᠤᠨ ᠤ ᠬᠠᠳᠤᠨ ᠭᠤᠣᠯ ᠲᠠᠭᠠᠤ ᠶᠢᠨ ᠰᠠᠪᠠ ᠭᠠᠵᠠᠷ ᠲᠤ ᠣᠯᠠᠨ ᠲᠣᠭᠠᠨ ᠤ ᠨᠡᠭᠦᠳᠡᠯ ᠤᠨ ᠰᠢᠪᠠᠭᠤᠳ ᠢᠷᠠᠵᠤ ᠠᠮᠤᠰᠬᠢᠨ᠂ ᠬᠠᠪᠤᠷ ᠤᠨ ᠰᠠᠶᠢᠬᠠᠨ ᠦᠵᠡᠮᠵᠢ  ᠶᠢ ᠪᠦᠷᠢᠯᠳᠦᠭᠦᠯᠪᠡ᠃

候鸟1.png

      ᠲᠣᠯᠭᠢᠶᠠᠯᠠᠨ ᠳᠠᠪᠠᠯᠭᠠᠯᠠᠭᠰᠠᠨ ᠤᠰᠤᠨ ᠤ ᠭᠠᠳᠠᠷᠭᠤ ᠳᠡᠭᠡᠷ᠎ᠡ ᠬᠤᠨ ᠭᠠᠯᠠᠭᠤ ᠵᠡᠷᠭᠡ ᠨᠡᠬᠦᠳᠡᠯ ᠤᠨ ᠰᠢᠪᠠᠭᠤᠳ ᠬᠤᠷᠠᠨ ᠴᠤᠭᠯᠠᠷᠠᠵᠤ᠂ ᠵᠠᠷᠢᠮ

 ᠨᠢ ᠲᠡᠭᠷᠢ ᠳᠤ ᠳᠡᠭᠦᠯᠢᠨ ᠨᠢᠰᠴᠦ᠂ ᠵᠠᠷᠢᠮ ᠨᠢ ᠨ‍‌ᠤᠰᠤᠨ ᠳᠤ ᠨᠠᠭᠠᠳᠤᠨ ᠲᠤᠬᠠᠯᠠᠵᠤ᠂ ᠪᠠᠰᠠ ᠵᠠᠷᠢᠮ ᠨᠢ ᠢᠳᠡᠰᠢ ᠡᠷᠢᠨ᠂ ᠠᠮᠢ ᠠᠬᠤᠢ ᠪᠠ ᠨᠡᠭᠦᠳᠡᠯ

 ᠤᠨ ᠰᠢᠪᠠᠭᠤᠳ ᠤᠨ ᠡᠶ᠎ᠡ ᠵᠣᠬᠢᠴᠠᠯ ᠲᠠᠢ ᠪᠠᠶᠢᠭ᠎ᠠ᠂ ᠰᠠᠶᠢᠬᠠᠨ ᠣᠷᠴᠢᠨ ᠢ ᠪᠦᠷᠢᠯᠳᠦᠭᠦᠯᠵᠦ᠂ ᠨᠠᠮ ᠵᠢᠮ ᠪᠠᠶᠢᠭᠰᠠᠨ ᠤᠰᠤᠨ ᠣᠷᠣᠨ ᠳᠤ  ᠳᠠᠬᠢᠨᠲᠠ

ᠠᠮᠢᠵᠢᠷᠠᠯ ᠤᠨ ᠬᠦᠴᠦᠨ ᠪᠢᠯᠬᠠᠭᠰᠠᠨ ᠪᠠᠶᠢᠨ᠎ᠠ᠃

候鸟3.png

      ᠣᠶᠢᠷ᠎ᠠ ᠶᠢᠨ ᠵᠢᠯ ᠠᠴᠠ ᠨᠠᠰᠢ᠂ ᠤᠷᠠᠳ ᠤᠨ ᠡᠮᠦᠨᠡᠲᠦ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠰᠠᠶᠢᠵᠢᠷᠠᠬᠤ ᠶᠢ ᠲᠠᠭᠠᠯᠳᠤᠨ᠂

ᠵᠢᠯ ᠪᠦᠷᠢ ᠶᠡᠭᠡ ᠬᠡᠮᠵᠢᠶᠡᠨ ᠤ ᠨᠡᠬᠦᠳᠡᠯ ᠤᠨ ᠰᠢᠪᠠᠭᠤᠳ ᠠᠨᠲᠠ ᠢᠷᠡᠳᠡᠭ ᠪᠣᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠤᠬᠢᠷᠳᠤᠯ ᠦᠭᠡᠢ ᠪᠠᠷ

ᠬᠥᠭᠵᠢᠬᠦ ᠵᠢᠷᠤᠭ ᠳᠦᠷᠰᠦ ᠪᠢᠴᠢᠭᠯᠡᠭᠳᠡᠵᠦ ᠪᠤᠢ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ