ᠮᠠᠨ ᠤ ᠬᠤᠰᠢᠭᠤ 2024 ᠣᠨ ᠤ ᠳᠡᠭᠡᠷ᠎ᠡ ᠬᠠᠭᠠᠰ ᠵᠢᠯ ᠤᠨ ᠪᠡᠯᠡᠳᠬᠡᠯ ᠴᠡᠷᠢᠭ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/14
     3 ᠰᠠᠷ᠎ᠠ ᠶᠢᠨ 11 ᠤ ᠡᠳᠦᠷ᠂ ᠮᠠᠨ ᠤ ᠬᠤᠰᠢᠭᠤ 2024 ᠣᠨ ᠤ ᠳᠡᠭᠡᠷ᠎ᠡ ᠬᠠᠭᠠᠰ ᠵᠢᠯ ᠤᠨ ᠪᠡᠯᠡᠳᠬᠡᠯ ᠴᠡᠷᠢᠭ ᠤᠨ ᠠᠵᠢᠯ ᠤᠨ ᠬᠤᠷᠠᠯ ᠬᠢᠪᠡ ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠳᠡᠰ ᠤᠨ ᠤᠯᠤᠰ ᠲᠥᠷᠥ ᠶᠢᠨ ᠭᠡᠰᠢᠭᠦᠨ ᠰᠢᠩ ᠱᠦ ᠺᠤᠸᠠᠩ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠼᠣᠣ ᠳ᠋ᠦᠩ ᠵᠢᠴᠢ ᠬᠤᠰᠢᠭᠤᠨ ᠤ ᠴᠡᠷᠢᠭ ᠡᠯᠰᠡᠬᠦ ᠤᠳᠤᠷᠢᠳᠬᠤ ᠳᠤᠭᠤᠶᠢᠯᠠᠩ ᠤᠨ ᠭᠡᠰᠢᠭᠦᠨ᠂ ᠡᠯ᠎ᠡ ᠰᠤᠮᠤ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃

预定兵5.jpg

     ᠬᠤᠷᠠᠯ ᠠᠴᠠ ᠴᠡᠷᠢᠭ ᠡᠯᠰᠡᠬᠦ ᠠᠵᠢᠯ ᠢ ᠥᠷᠨᠢᠭᠦᠯᠦᠭᠰᠡᠨ ᠪᠠᠶᠢᠳᠠᠯ ᠪᠠ  ᠤᠷᠢᠳᠴᠢᠯᠠᠨ ᠲᠣᠭᠲᠠᠭᠠᠭᠰᠠᠨ ᠴᠡᠷᠢᠭ ᠤᠨ ᠲᠥᠰᠦᠯ ᠢ ᠲᠠᠨᠢᠯᠴᠠᠭᠤᠯᠵᠤ᠂

ᠠᠷᠢᠭᠤᠨ ᠴᠢᠬᠡᠴᠢ ᠪᠠᠷ ᠴᠡᠷᠢᠭ ᠡᠯᠰᠡᠬᠦ ᠪᠠ ᠬᠢᠨᠠᠨ ᠵᠥᠪᠰᠢᠶᠡᠷᠡᠵᠦ ᠴᠡᠷᠢᠭ ᠡᠯᠰᠡᠬᠦ ᠬᠤᠯᠪᠣᠭᠳᠠᠯ ᠪᠦᠬᠦᠢ ᠲᠣᠭᠲᠠᠭᠠᠯ ᠢ ᠰᠤᠷᠤᠯᠴᠠᠵᠤ᠂᠂  ᠪᠡᠶ᠎ᠡ ᠶᠢᠨ

ᠪᠠᠶᠢᠴᠠᠭᠠᠯᠲᠠ ᠤᠯᠤᠰ ᠲᠥᠷᠥ ᠶᠢᠨ ᠰᠢᠯᠭᠠᠯᠲᠠ ᠪᠠ ᠰᠤᠷᠤᠯᠭ᠎ᠠ ᠶᠢᠨ ᠨᠠᠮᠲᠠᠷ ᠢ ᠬᠢᠨᠠᠨ ᠪᠠᠶᠢᠴᠠᠭᠠᠵᠤ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠬᠠᠷᠢᠭᠤ

ᠮᠡᠳᠡᠭᠦᠯᠬᠦ ᠶᠢᠨ ᠬᠠᠮᠲᠤ ᠭᠠᠷ ᠡᠷᠭᠦᠨ ᠪᠠᠲᠤᠯᠠᠬᠤ ᠬᠡᠯᠪᠡᠷᠢ ᠪᠠᠷ ᠤᠷᠢᠳᠴᠢᠯᠠᠨ ᠲᠣᠭᠲᠠᠭᠠᠭᠰᠠᠨ ᠴᠡᠷᠢᠭ ᠤᠨ ᠨᠡᠷᠡᠰ ᠢ ᠪᠠᠲᠣᠯᠠᠪᠠ᠃

     ᠬᠤᠷᠠᠯ ᠠᠴᠠ ᠱᠠᠭᠠᠷᠲᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ  ᠤᠳ ᠪᠠᠷᠢᠮᠵᠢᠶ᠎ᠠ ᠶᠢᠨ ᠱᠠᠭᠠᠷᠳᠠᠯᠭ᠎ᠠ ᠪᠠ ᠲᠠᠰ ᠳᠠᠷᠠᠭᠠᠯᠠᠯ ᠤᠨ

ᠠᠷᠭ᠎ᠠ ᠶᠢ  ᠴᠢᠩᠭ᠎ᠠ ᠨᠡᠶᠢᠳᠠᠪᠤᠷᠢᠵᠢᠭᠤᠯᠵᠤ ᠴᠡᠷᠢᠭ ᠲᠣᠭᠲᠠᠭᠠᠬᠤ ᠶᠢ  ᠢᠯᠡ ᠨᠡᠶᠢᠲᠡᠯᠡᠬᠦ᠂  ᠴᠡᠷᠢᠭ ᠤᠨ ᠬᠠᠮᠢᠶᠠᠷᠤᠯᠲᠠ ᠪᠠ ᠬᠦᠷᠭᠡᠵᠦ  ᠲᠤᠰᠢᠶᠠᠬᠤ

ᠵᠡᠷᠭᠡ ᠠᠵᠢᠯ ᠢ ᠰᠠᠶᠢᠲᠤᠷ ᠠᠳᠬᠤᠵᠤ᠂ ᠪᠣᠯᠪᠠᠰᠤᠷᠠᠯ ᠤᠨ ᠠᠭᠤᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂  ᠴᠡᠷᠢᠭ ᠠᠩᠭᠢ ᠲᠠᠢ

ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ ᠬᠡᠷᠡᠭᠲᠡᠢ᠃ ᠠᠷᠢᠭᠤᠨ ᠴᠢᠬᠡᠴᠢ ᠪᠠᠷ ᠴᠡᠷᠢᠭ ᠡᠯᠰᠡᠬᠦ ᠱᠠᠭᠠᠷᠳᠠᠯᠭ᠎ᠠ ᠶᠢ ᠵᠢᠷᠤᠮᠯᠠᠨ ᠰᠠᠬᠢᠵᠤ᠂ ᠴᠡᠷᠢᠭ ᠡᠯᠰᠡᠬᠦ

ᠲᠥᠷᠥ ᠶᠢᠨ ᠪᠣᠳᠣᠯᠭ᠎ᠠ ᠶᠢᠨ ᠲᠣᠭᠲᠠᠭᠠᠯ ᠪᠣᠯᠣᠨ ᠬᠠᠮᠢᠶ᠎ᠠ ᠪᠦᠬᠦᠢ ᠬᠠᠤᠯᠢ ᠰᠠᠬᠢᠯᠭ᠎ᠠ ᠶᠢ ᠨᠠᠷᠢᠨ  ᠬᠢᠨᠠᠮᠠᠭᠠᠢ ᠬᠡᠷᠡᠭᠵᠢᠭᠦᠯᠵᠦ᠂ ᠨᠠᠮ ᠤᠨ ᠰᠤᠷᠲᠠᠯ ᠪᠠ

ᠠᠷᠢᠭᠤᠨ ᠴᠢᠬᠡᠴᠢ ᠪᠠᠷ ᠵᠠᠰᠠᠭ  ᠪᠠᠷᠢᠬᠤ ᠪᠠᠶᠢᠭᠤᠯᠤᠯᠲᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠴᠡᠷᠢᠭ ᠡᠯᠰᠡᠬᠦ ᠠᠵᠢᠯ ᠤᠨ ᠪᠦᠬᠦ ᠶᠠᠪᠤᠴᠠ ᠳᠤ

ᠲᠣᠭᠤᠰᠢᠯᠠᠭᠤᠯᠵᠤ᠂ ᠴᠡᠷᠢᠭ ᠲᠣᠭᠲᠠᠭᠠᠬᠤ ᠵᠠᠷᠴᠢᠮ᠂ ᠲᠥᠷᠥ ᠶᠢᠨ  ᠪᠣᠳᠤᠯᠭ᠎ᠠ ᠪᠣᠯᠣᠨ ᠲᠠᠰ ᠲᠠᠷᠠᠭᠠᠯᠠᠯ ᠢ ᠲᠣᠭᠲᠠᠭᠠᠯ ᠳᠤ ᠨᠡᠶᠢᠴᠡᠭᠦᠯᠬᠦ ᠶᠢ  ᠦᠨᠡᠨᠬᠦ

ᠪᠡᠶᠡᠯᠡᠭᠦᠯᠵᠦ᠂  ᠴᠡᠷᠢᠭ ᠡᠯᠰᠡᠬᠦ ᠠᠵᠢᠯ ᠤᠨ ᠣᠷᠣᠭᠰᠢᠲᠠᠢ ᠶᠠᠪᠤᠭᠳᠠᠬᠤ ᠶᠢ ᠥᠨᠳᠥᠷ ᠪᠠᠷᠢᠮᠵᠢᠶ᠎ᠠ᠂ ᠥᠨᠳᠥᠷ ᠶᠠᠰᠤ ᠴᠢᠨᠠᠷ᠂ ᠥᠨᠳᠥᠷ ᠦᠷ᠎ᠡ

ᠪᠦᠲᠦᠮᠵᠢᠲᠡᠢ ᠪᠠᠷ ᠠᠬᠢᠭᠤᠯᠬᠤ ᠬᠡᠷᠡᠭᠲᠡᠢ ᠭᠡᠵᠡᠢ᠃

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ