ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠪᠠᠬᠢᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/3/14
      ᠤᠷᠠᠳ ᠤᠨ ᠡᠮᠦᠨᠡᠲᠦ ᠬᠤᠰᠢᠭᠤᠨ ᠤ ᠮᠣᠨ᠋ᠨ ᠠᠭᠤᠯᠠ ᠪᠠᠯᠭᠠᠰᠤ ᠬᠠᠪᠤᠷ ᠤᠨ ᠲᠠᠷᠢᠶᠠᠯᠠᠭ᠎ᠠ ᠠᠴᠠ ᠡᠮᠦᠨᠡᠬᠢ ᠴᠠᠭ ᠢ  ᠠᠮᠵᠢᠨ᠂ ᠲᠠᠷᠢᠶᠠᠨ ᠭᠠᠵᠠᠷ  ᠢ ᠲᠡᠭᠰᠢᠯᠡᠬᠦ᠂ ᠤᠰᠤᠯᠠᠯᠲᠠ ᠶᠢᠨ ᠰᠤᠪᠠᠭ ᠢ ᠪᠠᠶᠢᠭᠤᠯᠬᠤ᠂ ᠲᠠᠷᠢᠶᠠᠨ ᠭᠠᠵᠠᠷ ᠤᠨ ᠵᠠᠮ ᠢ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠱᠠᠯᠠᠪᠲᠠᠨ ᠪᠡᠶᠡᠯᠡᠭᠦᠯᠵᠦ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠯᠠᠪᠳᠠᠭᠤᠨ ᠪᠠᠲᠤᠲᠠᠢ ᠠᠬᠢᠭᠤᠯᠵᠤ ᠪᠠᠶᠢᠨ᠎ᠠ᠃      ᠣᠶᠢᠷ᠎ᠠ ᠳᠤ᠂ ᠰᠣᠷᠪᠤᠯᠵᠢᠯᠠᠭᠴᠢ ᠮᠣᠨ᠋ᠨ ᠠᠭᠤᠯᠠ ᠪᠠᠯᠭᠠᠰᠤᠨ ᠤ 3.2 ᠲᠦᠮᠡᠨ ᠮᠦ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠳᠦᠷᠥᠯ ᠵᠦᠢᠯ ᠤᠨ ᠲᠣᠭᠤᠷᠢᠭ ᠲᠤ ᠬᠦᠷᠬᠦ ᠳᠤ ᠮᠠᠯᠲᠠᠬᠤ ᠮᠠᠰᠢᠨ᠂ ᠳᠡᠭᠡᠭᠡᠪᠦᠷᠢ ᠶᠢᠨ ᠮᠠᠰᠢᠨ ᠵᠡᠷᠭᠡ ᠲᠣᠮᠣ ᠬᠡᠯᠪᠡᠷᠢ ᠶᠢᠨ ᠮᠠᠰᠢᠨ ᠮᠧᠬᠠᠨᠢᠭ ᠬᠦᠷᠴᠢᠭᠢᠨᠡᠨ᠂ ᠨᠠᠰᠢ ᠴᠠᠰᠢ ᠰᠦᠯᠵᠢᠯᠳᠦᠵᠦ᠂ ᠶᠠᠭᠠᠷᠠᠯᠲᠠᠢ ᠠᠵᠢᠯᠯᠠᠵᠤ ᠪᠠᠶᠢᠬᠤ ᠬᠠᠷᠠᠭᠳᠠᠨ᠎ᠠ᠃   《 ᠮᠠᠨ ᠤ  ᠱᠦᠢ ᠲᠦᠩ ᠲᠣᠰᠬᠤᠨ ᠤ ᠭᠤᠷᠪᠠᠳᠤᠭᠠᠷ ᠪᠠᠷᠢᠮᠵᠢᠶᠠᠲᠤ ᠬᠡᠰᠡᠭ ᠤᠨ 6000  ᠮᠤ᠋ ᠭᠠᠵᠠᠷ ᠣᠳᠣ ᠠᠴᠠ ᠪᠠᠷᠢᠯᠭ᠎ᠠ ᠪᠠᠨ ᠡᠬᠢᠯᠡᠭᠦᠯᠵᠦ᠂ ᠤᠷᠢᠳᠠᠪᠠᠷ ᠰᠢᠷᠣᠢ ᠶᠢᠨ ᠪᠠᠷᠢᠯᠭ᠎ᠠ᠂ ᠬᠤᠵᠢᠷᠯᠢᠭ ᠭᠠᠵᠠᠷ ᠤᠨ ᠥᠭᠡᠷᠡᠴᠢᠯᠡᠯᠲᠡ ᠶᠢ ᠬᠢᠵᠦ ᠪᠠᠶᠢᠨ᠎ᠠ ᠂ ᠵᠢᠱᠢᠯᠲᠡ ᠪᠠᠷ 4 ᠰᠠᠷ᠎ᠠ ᠶᠢᠨ ᠳᠤᠮᠳᠠᠴᠢ ᠪᠠᠷ ᠳᠠᠭᠤᠰᠬᠠᠬᠤ ᠪᠣᠯᠣᠨ᠎ᠠ︾ ᠭᠡᠵᠦ ᠮᠣᠨ᠋ᠨ ᠠᠭᠤᠯᠠ ᠪᠠᠯᠭᠠᠰᠤᠨ ᠤ  ᠱᠦᠢ ᠲᠦᠩ ᠲᠣᠰᠬᠤᠨ ᠤ ᠨᠠᠮ  ᠤᠨ ᠡᠭᠦᠷ ᠤᠨ ᠵᠥᠪᠯᠡᠯ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ  ᠪᠠᠢ ᠵᠶᠠᠨ ᠴᠢ ᠰᠣᠷᠪᠤᠯᠵᠢᠯᠠᠭᠴᠢ ᠳᠤ ᠶᠠᠷᠢᠵᠤ ᠪᠠᠶᠢᠯ᠎ᠠ᠃     ᠮᠣᠨ᠋ᠨ ᠠᠭᠤᠯᠠ ᠪᠠᠯᠭᠠᠰᠤᠨ ᠤ ᠰᠠᠨ ᠬᠤ᠋ ᠲᠣᠰᠬᠤᠨ᠂ ᠱᠦᠢ ᠲᠦᠩ ᠲᠣᠰᠬᠤᠨ ᠤ ᠭᠠᠵᠠᠷ ᠰᠢᠷᠦᠢ ᠬᠤᠵᠢᠷᠰᠢᠵᠤ᠂ ᠲᠠᠷᠢᠶᠠᠨ ᠭᠠᠵᠠᠷ ᠨᠢ ᠵᠠᠯᠭᠠᠯᠳᠤᠭᠰᠠᠨ ᠦᠭᠡᠢ ᠮᠥᠷᠲᠡᠭᠡᠨ ᠰᠤᠪᠠᠭ ᠤᠨ ᠰᠢᠰᠲ᠋ᠧᠮ᠂ ᠵᠠᠮ ᠵᠡᠷᠭᠡ ᠰᠠᠭᠤᠷᠢ ᠳᠦᠭᠦᠭᠡᠷᠦᠮᠴᠢ  ᠢᠵᠢ ᠪᠦᠷᠢᠲᠦᠭᠰᠡᠨ ᠦᠭᠡᠢ ᠠᠴᠠ ᠭᠠᠵᠠᠷ ᠰᠢᠷᠣᠢ  ᠶᠢᠨ ᠠᠰᠢᠭᠯᠠᠯᠲᠠ ᠶᠢᠨ ᠨᠣᠷᠮ᠎ᠠ ᠪᠠᠷ ᠳᠣᠣᠷ᠎ᠠ᠂ ᠦᠷ᠎ᠡ ᠠᠰᠢᠭ ᠢᠶᠠᠷ ᠠᠨᠠᠢ ᠪᠠᠶᠢᠳᠠᠭ᠃ 2023 ᠣᠨ ᠤ ᠡᠪᠦᠯ ᠠᠴᠠ ᠡᠬᠢᠯᠡᠨ᠂ ᠮᠣᠨ᠋ᠨ ᠠᠭᠤᠯᠠ ᠪᠠᠯᠭᠠᠰᠤ ᠶᠢᠨ ᠬᠢᠨ ᠰᠠᠨ ᠬᠤ᠋ ᠲᠣᠰᠬᠤᠨ᠂ ᠰᠦᠢ ᠲᠦᠩ ᠲᠣᠰᠬᠤᠨ ᠤ 3.2 ᠲᠦᠮᠡᠨ  ᠮᠤ᠋ ᠲᠠᠷᠢᠶᠠᠨ ᠭᠠᠵᠠᠷ ᠲᠤ ᠥᠨᠳᠥᠷ ᠪᠠᠷᠢᠮᠵᠢᠶ᠎ᠠ ᠪᠠᠷ ᠥᠭᠡᠷᠡᠴᠢᠯᠡᠯᠲᠡ ᠬᠢᠵᠦ᠂ ᠳᠦᠷᠦᠯ ᠵᠦᠢᠯ  ᠨᠢ《 ᠶᠡᠭᠡ ᠪᠠᠷ ᠵᠠᠰᠠᠵᠤ ᠶᠡᠭᠡ ᠪᠠᠷ ᠪᠠᠶᠢᠭᠤᠯᠬᠤ 》 ᠠᠷᠭ᠎ᠠ ᠬᠡᠮᠵᠢᠶ᠎ᠡ ᠠᠪᠴᠤ᠂ ᠲᠠᠷᠢᠶᠠᠨ ᠭᠠᠵᠠᠷ ᠢ ᠰᠢᠨ᠎ᠡ ᠪᠠᠷ  ᠲᠦᠯᠦᠪᠵᠢᠭᠦᠯᠦᠨ  ᠪᠠᠶᠢᠷᠢᠰᠢᠭᠤᠯᠵᠤ᠂ ᠤᠰᠤ ᠠᠷᠪᠢᠯᠠᠬᠤ ᠤᠰᠤᠯᠠᠯᠲᠠ ᠶᠢᠨ ᠪᠠᠷᠢᠮᠵᠢᠶ᠎ᠠ  ᠶᠣᠰᠤᠭᠠᠷ ᠶᠡᠷᠦᠩᠬᠡᠶᠢᠯᠡᠨ ᠢᠵᠢ ᠪᠦᠷᠢᠳᠦᠭᠦᠯᠵᠦ ᠂ ᠲᠠᠷᠢᠶᠠᠨ ᠭᠠᠵᠠᠷ ᠤᠨ ᠲᠣᠨᠣᠮᠠᠯ ᠰᠢᠷᠣᠢ ᠶᠢ ᠴᠡᠪᠡᠷᠯᠡᠨ᠂  ᠬᠤᠵᠢᠷᠯᠢᠭ ᠭᠠᠵᠠᠷ ᠢ ᠨᠥᠬᠡᠷᠡᠴᠢᠯᠡᠵᠦ᠂ ᠲᠠᠷᠢᠶᠠᠨ ᠭᠠᠵᠠᠷ ᠤᠨ ᠲᠠᠯᠠᠪᠠᠶ ᠶᠢ ᠨᠡᠮᠡᠭᠳᠡᠭᠦᠯᠦᠨ᠂ ᠭᠠᠵᠠᠷ ᠰᠢᠷᠣᠢ ᠶᠢᠨ ᠠᠰᠢᠯᠠᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠶᠢᠨ ᠲᠠᠭᠠᠤ᠂ ᠲᠠᠷᠢᠶᠠᠨ ᠭᠠᠵᠠᠷ ᠤᠨ ᠬᠠᠯᠠᠬᠠᠪᠴᠢ ᠣᠢ  ᠶᠢᠨ ᠳᠣᠣᠷ ᠪᠠ ᠵᠠᠮ ᠢ ᠢᠴᠢ ᠪᠦᠷᠢᠳᠦᠭᠦᠯᠬᠦ ᠪᠠᠷ ᠪᠤᠢ᠃   《 ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠥᠭᠡᠷᠡᠴᠢᠯᠡᠯᠲᠡ᠂ ᠲᠣᠨᠤᠭ  ᠲᠦᠬᠦᠭᠡᠷᠦᠮᠵᠢ ᠶᠢ  ᠢᠵᠢ ᠪᠦᠷᠢᠳᠦᠭᠦᠯᠬᠦ᠂ ᠭᠠᠵᠠᠷ ᠰᠢᠷᠣᠢ ᠶᠢ ᠰᠠᠶᠢᠵᠢᠷᠠᠭᠤᠯᠤᠭᠰᠠᠨ ᠤ ᠳᠠᠷᠠᠭ᠎ᠠ ᠡᠭᠡᠯᠵᠢᠯᠡᠨ ᠲᠠᠷᠢᠬᠤ ᠳᠤ ᠠᠰᠠᠭᠤᠳᠠᠯ ᠦᠭᠡᠢ ᠪᠣᠯᠣᠨ᠎ᠠ᠂ ᠵᠢᠱᠢᠯᠲᠡ ᠪᠠᠷ ᠡᠷᠦᠭᠡ ᠪᠦᠷᠢ ᠳᠤ 10 ᠭᠠᠷᠤᠢ ᠮᠤ᠋ ᠭᠠᠵᠠᠷ ᠲᠠᠷᠢᠶ᠎ᠠ ᠬᠤᠪᠢᠶᠠᠭᠳᠠᠵᠤ᠂ ᠲᠤᠬᠠᠢ ᠶᠢᠨ ᠭᠠᠵᠠᠷ ᠤᠨ ᠭᠠᠷᠤᠯᠲᠠ ᠪᠠ ᠠᠵᠤ ᠠᠬᠤᠢ ᠶᠢᠨ ᠦᠷ᠎ᠡ ᠠᠰᠢᠭ ᠢᠶᠠᠷ ᠠᠪᠴᠤ ᠬᠡᠯᠡᠪᠡᠯ ᠡᠷᠦᠭᠡ ᠪᠦᠷᠢ ᠳᠤ ᠨᠢᠭᠡ  ᠠᠴᠠ ᠬᠤᠶᠠᠷ ᠲᠦᠮᠡᠨ ᠲᠥᠭᠦᠷᠢᠭ ᠤᠨ ᠣᠷᠤᠯᠭ᠎ᠠ ᠨᠡᠮᠡᠭᠳᠡᠬᠦ ᠪᠣᠯᠣᠨ᠎ᠠ》 ᠭᠡᠵᠦ  ᠪᠠᠢ ᠵᠢᠶᠠᠨ ᠴᠢ ᠪᠠᠶᠠᠷᠲᠠᠶᠢᠬᠠᠨ ᠬᠡᠯᠡᠨ᠎ᠡ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ