ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠷᠡᠰ ᠰᠡᠷᠭᠡᠶᠢᠯᠡᠨ᠎ᠠ
ᠨᠡᠶᠢᠲᠡᠯᠡᠭᠰᠡᠨ ᠴᠠᠭ᠄
2024/3/19
   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠠᠷᠯᠢᠭ︾ ᠢ ᠦᠨᠳᠦᠰᠦᠯᠡᠪᠡᠯ᠂ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠤᠨ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠬᠤᠭᠤᠴᠠᠭᠠᠨ ᠳᠤ ᠪᠥᠬᠦ ᠣᠷᠣᠨ ᠤ ᠡᠯ᠎ᠡ ᠭᠠᠵᠠᠷ ᠤᠨ ᠬᠢᠨ ᠬᠥᠮᠥᠨ ᠤ ᠬᠦᠴᠦ ᠪᠠᠷ ᠭᠠᠯ ᠤᠨ ᠭᠠᠮᠰᠢᠭ ᠢ ᠪᠥᠬᠦ ᠳᠠᠯ᠎ᠠ ᠪᠠᠷ ᠰᠡᠷᠭᠡᠶᠢᠯᠡᠵᠦ᠂ ᠠᠳᠡᠵᠦ ᠰᠢᠷᠬᠠᠲᠤᠬᠤ ᠶᠡᠭᠡ ᠡᠷᠡᠰᠳᠡᠯ ᠭᠠᠷᠭᠠᠬᠤ ᠦᠭᠡᠢ ᠪᠠᠶᠢᠬᠤ ᠪᠠᠷ ᠬᠠᠷᠠᠯᠲᠠ ᠪᠣᠯᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠤᠷᠢᠭ᠎ᠠ ᠱᠤᠭᠤᠮ ᠢ ᠪᠠᠲᠤ ᠰᠠᠬᠢᠵᠤ᠂ 2024 ᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠲᠡᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ ᠭᠡᠵᠡᠢ᠃   ᠣᠶᠢᠯᠠᠭᠠᠭᠰᠠᠨ ᠢᠶᠠᠷ᠂ ᠮᠠᠨ ᠤ ᠣᠷᠣᠨ ᠤ ᠣᠶ ᠰᠢᠭᠤᠢ ᠨᠤᠲᠤᠭ ᠪᠡᠯᠴᠢᠭᠡᠷ ᠦᠨ ᠲᠠᠯᠠᠪᠠᠶ ᠪᠥᠬᠦ ᠤᠯᠤᠰ ᠤᠨ ᠲᠡᠷᠢᠭᠦᠨ ᠳᠤ ᠣᠷᠣᠵᠤ᠂ ᠣᠶ ᠰᠢᠭᠤᠢ ᠶᠢᠨ ᠭᠠᠯ ᠤᠨ ᠠᠶᠤᠯ ᠤᠨ ᠲᠦᠭᠰᠢᠭᠦᠷᠢ ᠶᠡᠬᠡᠲᠡᠢ ᠣᠷᠣᠨ ᠪᠦᠰᠡ 79% ᠳᠤ ᠬᠦᠷᠴᠦ᠂ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠦᠭᠰᠢᠭᠦᠷᠢ ᠶᠡᠬᠡᠲᠡᠢ ᠣᠷᠣᠨ ᠪᠦᠰᠡ 82% ᠳᠤ ᠬᠦᠷᠦᠭᠰᠡᠨ ᠪᠥᠭᠡᠳ ᠬᠠᠪᠤᠷ ᠤᠨ ᠤᠯᠠᠷᠢᠯ ᠳᠤ ᠭᠠᠩ ᠬᠠᠭᠤᠷᠠᠢ ᠰᠠᠯᠬᠢ ᠶᠡᠭᠡ᠂ ᠡᠯ᠎ᠡ ᠲᠥᠷᠥᠯ ᠤᠨ ᠦᠢᠯᠡᠳᠪᠦᠷᠢᠯᠡᠯ ᠠᠮᠢᠳᠤᠷᠠᠯ ᠳᠤ ᠪᠠᠶᠢᠨ ᠳᠠᠬᠢᠨ ᠭᠠᠯ ᠬᠡᠷᠡᠭᠯᠡᠵᠦ᠂ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠴᠡᠭ ᠣᠯᠠᠨ᠂ ᠱᠤᠭᠤᠮ ᠣᠷᠳᠣ᠂ ᠬᠡᠪᠴᠢᠶ᠎ᠡ ᠥᠷᠭᠡᠨ᠂ ᠡᠭᠦᠷᠭᠡ ᠲᠦᠢᠯ ᠤᠨ ᠬᠠᠲᠠᠭᠤ ᠪᠡᠷᠬᠡ ᠪᠠᠶᠢᠳᠠᠭ᠃ ᠪᠥᠬᠦ ᠣᠷᠣᠨ ᠤ ᠡᠯ᠎ᠡ ᠭᠠᠵᠠᠷ ᠤᠨ ᠬᠢᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠵᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠢᠢ ᠴᠢᠩᠭ᠎ᠠ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠶᠢᠨ ᠲᠣᠭᠤᠷᠢᠭ ᠢ ᠵᠠᠭᠠᠭᠯᠠᠨ ᠲᠣᠭᠲᠠᠭᠠᠵᠤ᠂ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠬᠥᠨᠳᠡᠯᠡᠨ ᠢᠶᠠᠷ ᠵᠠᠬ᠎ᠠ ᠬᠦᠷᠲᠡᠯ᠎ᠡ᠂ ᠭᠤᠯᠳᠤ ᠪᠠᠷ ᠡᠴᠦᠰ ᠲᠦᠨᠢ ᠲᠤᠯᠲᠠᠯ᠎ᠠ ᠬᠠᠮᠢᠶᠠᠷᠤᠨ ᠡᠵᠡᠮᠳᠡᠬᠦ ᠲᠣᠣᠷ ᠢ ᠨᠢᠭᠲᠠ ᠰᠦᠯᠵᠢᠬᠦ ᠬᠡᠷᠡᠭᠲᠡᠢ᠃   ᠡᠭᠦᠨ ᠠᠴᠠ ᠭᠠᠳᠠᠨ᠎ᠠ᠂ ᠡᠯ᠎ᠡ ᠭᠠᠵᠠᠷ ᠤᠨ ᠬᠢᠨ ︽ᠬᠠᠩᠰᠢ︾᠂ ︽ᠲᠠᠪᠤᠨ ᠰᠠᠷ᠎ᠠ ᠶᠢᠨ ᠨᠢᠭᠡᠨ︾ ᠪᠣᠯᠣᠨ ᠬᠠᠪᠤᠷ ᠤᠨ ᠰᠡᠷᠭᠡᠶᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠬᠡᠭᠡᠷ᠎ᠡ ᠭᠠᠳᠠᠨ᠎ᠠ ᠶᠠᠪᠤᠬᠤ᠂ ᠵᠢᠭᠤᠯᠴᠢᠯᠠᠯ᠂ ᠦᠢᠯᠡᠳᠪᠦᠷᠢᠯᠡᠯ ᠠᠮᠢᠳᠤᠷᠠᠯ ᠵᠡᠷᠭᠡ ᠭᠤᠣᠯᠳᠠᠯᠭ᠎ᠠ ᠲᠠᠢ ᠬᠦᠷᠢᠶ᠎ᠠ ᠶᠢ ᠴᠢᠩᠭ᠎ᠠ ᠬᠠᠮᠢᠶᠠᠷᠴᠤ᠂ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ᠂ 11 ᠬᠡᠰᠡᠭ ᠡᠭᠦᠰᠦᠮᠡᠯ ᠣᠶᠢᠲᠤ ᠣᠷᠣᠨ᠂ 1 ᠳ᠋ᠦᠩᠰᠢᠭᠤᠷ ᠮᠦ ᠲᠠᠷᠢᠮᠠᠯ ᠣᠶᠢᠲᠤ ᠣᠷᠣᠨ᠂ 5 ᠶᠡᠭᠡ ᠲᠠᠯ᠎ᠠ ᠨᠤᠲᠤᠭ ᠪᠠ 2400 ᠺᠢᠯᠣᠮᠧᠳ᠋ᠷ ᠤᠨ ᠠᠮᠠᠷᠬᠠᠨ ᠭᠠᠯ ᠭᠠᠷᠬᠤ ᠬᠢᠯᠢ ᠬᠢᠵᠠᠭᠠᠷ ᠤᠨ ᠤᠷᠤᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠰᠡᠷᠭᠡᠶᠢᠯᠡᠨ᠂ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠶᠢᠳᠪᠦᠷᠢᠯᠡᠬᠦ ᠲᠤᠰᠬᠠᠢ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠵᠣᠷᠢᠭᠤᠳᠠ ᠭᠠᠯ ᠤᠨ ᠭᠠᠮᠰᠢᠭ ᠡᠭᠦᠰᠬᠦ ᠶᠢ ᠡᠷᠡᠰ ᠬᠤᠷᠢᠭᠯᠠᠨ᠎ᠠ᠃ ᠡᠭᠦᠨ ᠤ ᠬᠠᠮᠲᠤ ︽ᠭᠠᠯ ᠪᠠᠶᠢᠪᠠᠯ ᠵᠠᠪᠠᠯ ᠮᠡᠳᠡᠭᠦᠯᠬᠦ︾ ᠂ ︽ᠮᠡᠳᠡᠭᠦᠯᠬᠦ ᠤᠨᠳᠠᠷᠠᠭᠠᠬᠤ ᠶᠢ ᠵᠡᠷᠭᠡ ᠪᠠᠷ ᠶᠠᠪᠤᠭᠳᠠᠭᠤᠯᠬᠤ︾ ᠪᠠ ᠭᠤᠣᠯᠳᠠᠯᠭ᠎ᠠ ᠲᠠᠢ ᠬᠤᠭᠤᠴᠠᠭᠠᠨ ᠤ ︽ᠡᠳᠦᠷ ᠦᠨ ᠮᠡᠳᠡᠭᠦᠯᠦᠯᠲᠡ︾ ᠵᠡᠷᠭᠡ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠯ ᠤᠨ ᠪᠠᠶᠢᠳᠠᠯ ᠢ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠰᠶᠢᠳᠪᠦᠷᠢᠯᠡᠬᠦ ᠶᠢ ᠦᠨᠡᠨᠬᠦ ᠪᠠᠲᠤᠯᠠᠵᠤ᠂ ᠬᠥᠮᠥᠨ ᠬᠠᠷ᠎ᠠ ᠦᠬᠦᠵᠦ ᠰᠢᠷᠬᠠᠲᠤᠬᠤ ᠠᠳᠡᠯ ᠪᠠ ᠡᠭᠦᠰᠦᠮᠡᠯ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃   ᠢᠷᠡᠯᠳᠡ᠄ ᠳᠠᠯ᠎ᠠ ᠨᠤᠲᠤᠭ ᠪᠦᠷᠢᠨ ᠵᠠᠭᠤᠴᠢᠯᠠᠭᠤᠷ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ