ᠮᠠᠨ ᠤ ᠤᠷᠤᠨ ᠤ 2024 ᠣᠨ ᠤ ᠪᠦᠬᠦ ᠤᠯᠤᠰ ᠤᠨ ᠲᠠᠪᠤᠨ ᠰᠠᠷ᠎ᠠ ᠢᠢᠨ ᠨᠢᠭᠡᠨ ᠤ ᠬᠥᠳᠡᠯᠮᠦᠷᠢ ᠶᠢᠨ ᠱᠠᠩᠨᠠᠯ ᠤᠨ ᠦᠨᠡᠮᠯᠡᠯ᠂ ᠱᠠᠩᠨᠠᠯ ᠤᠨ ᠮᠤᠳᠠᠯ ᠪᠠ ᠠᠵᠢᠯᠴᠢᠨ ᠤ ᠬᠤᠰᠢᠭᠤᠴᠢ ᠴᠤᠯᠠ ᠣᠯᠭᠤᠬᠤ ᠳᠤ ᠰᠤᠩᠭᠤᠨ ᠳᠡᠪᠰᠢᠭᠦᠯᠦᠭᠰᠡᠨ ᠨᠡᠷᠡᠰ ᠢ ᠢᠯᠡ ᠨᠡᠶᠢᠲᠡᠯᠡᠯ᠎ᠡ
ᠨᠡᠶᠢᠲᠡᠯᠡᠭᠰᠡᠨ ᠴᠠᠭ᠄
2024/3/19
    ︽2024 ᠣᠨ ᠤ ᠪᠦᠬᠦ ᠤᠯᠤᠰ ᠤᠨ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ ᠪᠣᠯᠣᠨ ᠪᠦᠬᠦ ᠤᠯᠤᠰ ᠤᠨ ᠠᠵᠢᠯᠴᠢᠨ ᠤ ᠬᠤᠰᠢᠭᠤᠴᠢ ᠴᠤᠯᠠ ᠣᠯᠭᠤᠬᠤ ᠳᠤ ᠰᠣᠩᠭᠤᠨ ᠳᠡᠪᠰᠢᠭᠦᠯᠵᠦ ᠰᠢᠯᠭᠠᠷᠠᠭᠤᠯᠬᠤ ᠳᠤᠬᠠᠢ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠡᠯ᠎ᠡ ᠠᠶᠢᠮᠠᠭ ᠬᠤᠲᠠ ᠶᠢᠨ ᠠᠵᠢᠯᠴᠢᠨ ᠤ ᠡᠪᠯᠡᠯ᠂ ᠡᠯ᠎ᠡ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠠᠵᠢᠯᠴᠢᠨ ᠤ ᠡᠪᠯᠡᠯ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠴᠢᠨ ᠤ ᠡᠪᠯᠡᠯ᠂ ᠨᠠᠮ ᠤᠨ ᠠᠵᠢᠯ ᠤᠨ ᠬᠤᠷᠢᠶ᠎ᠠ ᠱᠠᠲᠤ ᠳᠠᠷᠠᠭᠠᠯᠠᠨ ᠲᠠᠨᠢᠯᠴᠠᠭᠤᠯᠤᠭᠰᠠᠨ ᠰᠠᠭᠤᠷᠢᠨ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠳᠤ ᠮᠡᠳᠡᠭᠦᠯᠦᠨ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠵᠢᠯᠲᠠᠨ ᠠᠵᠢᠯᠴᠢᠨ ᠣᠯᠠᠨ ᠲᠦᠮᠡᠨ ᠤ ᠰᠠᠨᠠᠯ ᠢ ᠥᠷᠭᠡᠨ ᠢᠶᠠᠷ ᠬᠤᠷᠢᠶᠠᠵᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠶᠢᠨ ᠲᠤᠰᠠᠳᠠ᠂ ᠡᠳᠦᠭᠡ ᠮᠠᠨ ᠤ ᠣᠷᠣᠨ ᠤ 2024 ᠣᠨ ᠤ ᠪᠥᠬᠦ ᠤᠯᠤᠰ ᠤᠨ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ ᠤᠨ ᠦᠨᠡᠮᠯᠡᠯ᠂ ᠱᠠᠩᠨᠠᠯ ᠤᠨ ᠮᠤᠳᠠᠯ ᠪᠠ ᠠᠵᠢᠯᠴᠢᠨ ᠤ ᠬᠤᠰᠢᠭᠤᠴᠢ ᠴᠤᠯᠠ ᠣᠯᠭᠤᠬᠤ ᠳᠤ ᠰᠤᠩᠭᠤᠨ ᠳᠡᠪᠰᠢᠭᠦᠯᠦᠭᠰᠡᠨ ᠨᠡᠷᠡᠰ ᠵᠢᠴᠢ ᠲᠦᠢᠮᠤ ᠦᠢᠯᠡ ᠠᠵᠢᠯᠯᠠᠭ᠎ᠠ ᠶᠢ ᠢᠯᠡ ᠨᠡᠶᠢᠲᠡᠯᠡᠨ᠎ᠡ᠃    ᠢᠯᠡ ᠨᠡᠶᠢᠲᠡᠯᠡᠭᠦ ᠴᠠᠭ᠄ 2024 ᠣᠨ ᠤ 3 ᠰᠠᠷ᠎ᠠ ᠶᠢᠨ 18 ᠤ ᠡᠳᠦᠷ ᠠᠴᠠ 22 ᠤᠨ ᠡᠳᠦᠷ ᠪᠣᠯᠲᠠᠯ᠎ᠠ᠃ ᠢᠯᠡ ᠨᠡᠶᠢᠲᠡᠯᠡᠬᠦ ᠬᠤᠭᠤᠴᠠᠭᠠᠨ ᠳᠤ ᠂ ᠨᠢᠭᠡᠴᠢ ᠪᠣᠯᠣᠨ ᠬᠤᠪᠢ ᠬᠥᠮᠥᠨ ᠢᠯᠡ ᠨᠡᠶᠢᠲᠡᠯᠡᠭᠰᠡᠨ ᠨᠡᠷᠡᠰ ᠲᠤ ᠣᠨᠳᠣᠣ ᠰᠠᠨᠠᠯ ᠲᠠᠢ ᠪᠠᠶᠢᠪᠠᠯ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠪᠤᠶᠤ ᠢᠮᠤᠯ ᠶᠠᠪᠤᠭᠤᠯᠬᠤ ᠵᠡᠷᠭᠡ ᠬᠡᠯᠪᠡᠷᠢ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠳᠤ ᠪᠠᠶᠢᠳᠠᠯ ᠪᠣᠯᠣᠨ ᠠᠰᠠᠭᠤᠳᠠᠯ ᠢᠶᠠᠨ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠪᠠᠨ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠲᠤᠰᠬᠠᠨ᠎ᠠ᠃    ᠬᠦᠯᠢᠶᠡᠨ ᠠᠪᠬᠤ ᠤᠲᠠᠰᠤ᠄ 0471-5109220 ︵ᠹᠠᠺᠰ︶     0471-5109221     ᠢᠮᠧᠯ᠄ nmglaomo@163.com     ᠬᠦᠯᠢᠶᠡᠨ ᠠᠪᠬᠤ ᠴᠠᠭ᠄ ᠠᠵᠢᠯ ᠤᠨ ᠡᠳᠦᠷ 9᠄ 00 — 12᠄ 00     14᠄ 30 — 17᠄ 00     ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ     ᠠᠵᠢᠯᠴᠢᠨ ᠤ ᠶᠡᠷᠦᠩᠬᠡᠢ ᠡᠪᠯᠡᠯ                         2024 ᠣᠨ ᠤ 3 ᠰᠠᠷ᠎ᠠ ᠶᠢᠨ 18 ᠤ ᠡᠳᠦᠷ       ᠨᠠᠷᠢᠨ ᠠᠭᠤᠯᠭ᠎ᠠ ᠶᠢ https://cyy.nmgcyy.com.cn/application/fcinformation/mobile/︖ plate_id=487&t=ArticleDetail2037445#/ArticleDetail/2037445/undefined ᠠᠴᠠ ᠦᠵᠡᠭᠡᠷᠡᠢ︕       ᠢᠷᠡᠯᠲᠡ᠄ ᠲᠠᠯ᠎ᠠ ᠨᠤᠲᠤᠭ ᠪᠦᠷᠢᠨ ᠵᠠᠭᠤᠴᠢᠯᠠᠭᠤᠷ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ