ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠪᠠ | ᠰᠢᠨᠬᠤᠸᠠ ᠬᠤᠷᠢᠶ᠎ᠠ ᠶᠢᠨ ᠴᠠᠩᠱᠠ ᠶᠢᠨ 3 ᠰᠠᠷ᠎ᠠ ᠶᠢᠨ 20 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 20 ᠤ ᠦᠳᠡ ᠶᠢᠨ ᠬᠤᠶᠢᠨ᠎ᠠ ᠬᠤᠨᠠᠨ | ᠮᠤᠵᠢ ᠶᠢᠨ ᠴᠠᠩᠱᠠ ᠬᠤᠲᠠ ᠳᠤ ᠰᠢᠨ᠎ᠡ ᠴᠠᠭ ᠦᠶ᠎ᠡ ᠶᠢᠨ ᠳᠤᠮᠳᠠ ᠣᠷᠣᠨ ᠤ ᠬᠥᠭᠵᠢᠯ ᠮᠠᠨᠳᠤᠯ ᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠤᠮᠳᠠ ᠣᠷᠣᠨ ᠪᠣᠯ ᠮᠠᠨ ᠤ ᠤᠯᠤᠰ ᠤᠨ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠬᠤᠯᠠ ᠰᠠᠭᠤᠷᠢᠨ᠂ ᠡᠨᠧᠷᠭᠢ ᠶᠢᠨ ᠲᠦᠭᠦᠬᠡᠢ ᠮᠠᠲ᠋ᠧᠷᠢᠶᠠᠯ ᠤᠨ ᠰᠠᠭᠤᠷᠢᠨ᠂ ᠤᠳᠤ ᠦᠶ᠎ᠡ ᠶᠢᠨ ᠲᠣᠨᠣᠭᠯᠠᠯ ᠦᠢᠯᠡᠳᠬᠦ ᠵᠢᠴᠢ | ᠳᠡᠭᠡᠳᠦ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠪᠣᠯᠣᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠢᠰᠦ ᠪᠠᠶᠢᠵᠤ᠂ ᠪᠦᠭᠦ | ᠤᠯᠤᠰ ᠲᠤ ᠮᠠᠰᠢ ᠴᠢᠬᠤᠯᠠ ᠪᠠᠶᠢᠷᠢ ᠰᠠᠭᠤᠷᠢ ᠲᠠᠢ ᠶᠤᠮ᠃ ᠨᠠᠮ ᠤᠨ ᠲᠥᠪ ᠬᠤᠷᠢᠶ᠎ᠠ ᠶᠢᠨ ᠳᠤᠮᠳᠠ ᠣᠷᠣᠨ ᠤ ᠬᠥᠭᠵᠢᠯ ᠮᠠᠨᠳᠤᠯ ᠢ ᠠᠬᠢᠭᠤᠯᠬᠤ ᠠᠯᠢ | ᠤᠯᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠢᠮᠠᠭᠲᠠ ᠰᠠᠶᠢᠲᠤᠷ ᠠᠳᠬᠤᠵᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠳᠠᠬᠢ ᠳᠤᠮᠳᠠ ᠣᠷᠣᠨ ᠤ ᠬᠥᠭᠵᠢᠯ ᠮᠠᠨᠳᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | | | | 3 ᠰᠠᠷ᠎ᠠ ᠶᠢᠨ 20 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠨᠠᠨ ᠮᠤᠵᠢ ᠶᠢᠨ ᠴᠠᠩᠱᠠ ᠬᠤᠲᠠ ᠳᠤ ᠰᠢᠨ᠎ᠡ ᠴᠠᠭ ᠦᠶ᠎ᠡ ᠶᠢᠨ ᠳᠤᠮᠳᠠ | ᠣᠷᠣᠨ ᠤ ᠬᠥᠭᠵᠢᠯ ᠮᠠᠨᠳᠤᠯ ᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ | ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ | ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ ᠱᠠᠨ ᠰᠢ | ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠲᠠᠩ ᠳ᠋ᠧᠩ ᠵᠢᠶᠧ᠂ ᠠᠨᠾᠦ᠋ᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠠᠨ ᠵᠢᠶᠦ᠋ᠨ᠂ ᠵᠢᠶᠠᠩᠰᠢ | ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠶᠢᠨ ᠬᠤᠩ᠂ ᠾᠧᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠯᠧᠦ ᠶᠠᠩ ᠱᠧᠩ᠂ ᠬᠤᠪᠧᠢ | ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠮᠧᠩ ᠬᠤᠢ᠂ ᠬᠤᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠱᠧᠨ ᠰᠢᠶᠣᠣ ᠮᠢᠩ ᠤᠷᠢᠳ | ᠬᠤᠵᠢᠳ ᠦᠭᠡ ᠬᠡᠯᠡᠵᠦ᠂ ᠳᠤᠮᠳᠠ ᠣᠷᠣᠨ ᠤ ᠬᠥᠭᠵᠢᠯ ᠮᠠᠨᠳᠤᠯ ᠢ ᠠᠬᠢᠭᠤᠯᠬᠤ ᠲᠤᠬᠠᠢ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠠᠨᠠᠯ | ᠰᠠᠨᠠᠭᠤᠯᠭ᠎ᠠ ᠳᠤᠷᠠᠳᠪᠠ᠃ | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠡᠭᠡᠷ᠎ᠡ ᠤᠳᠠᠭ᠎ᠠ ᠶᠢᠨ ᠳᠤᠮᠳᠠ | ᠣᠷᠣᠨ ᠤ ᠬᠥᠭᠵᠢᠯ ᠮᠠᠨᠳᠤᠯ ᠢ ᠠᠬᠢᠭᠤᠯᠬᠤ ᠶᠠᠷᠢᠯᠴᠠᠬᠤ ᠬᠤᠷᠠᠯ ᠢ ᠬᠤᠷᠠᠯᠳᠤᠭᠤᠯᠤᠭᠰᠠᠨ ᠠᠴᠠ ᠨᠠᠭᠠᠰᠢᠬᠢ 5 ᠵᠢᠯ ᠤᠨ ᠲᠤᠷᠰᠢ᠂ ᠳᠤᠮᠳᠠ ᠣᠷᠣᠨ ᠤ | ᠠᠵᠤ ᠠᠬᠤᠢ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠬᠥᠳᠡᠯᠭᠡᠬᠦ ᠴᠢᠳᠠᠪᠤᠷᠢ ᠲᠠᠰᠤᠷᠠᠯᠲᠠ ᠦᠭᠡᠢ ᠴᠢᠩᠭᠠᠷᠠᠵᠤ | ᠂ ᠠᠵᠤ ᠦᠢᠯᠡᠰ ᠤᠨ ᠰᠠᠭᠤᠷᠢ ᠢᠯᠡᠳᠲᠡ ᠰᠠᠶᠢᠵᠢᠷᠠᠵᠤ᠂ ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ ᠢ ᠠᠯᠬᠤᠵᠤ᠂ ᠨᠡᠶᠢᠭᠡᠮ ᠤᠨ ᠦᠢᠯᠡᠰ ᠪᠦᠭᠦ | ᠲᠠᠯ᠎ᠠ ᠪᠠᠷ ᠬᠥᠭᠵᠢᠵᠦ᠂ ᠠᠷᠠᠳ ᠤᠨ ᠠᠮᠢᠳᠤᠷᠠᠯ ᠤᠨ ᠲᠦᠪᠰᠢᠨ ᠦᠷᠭᠦᠯᠵᠢᠯᠡᠨ ᠳᠡᠭᠡᠭᠰᠢᠯᠡᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠲᠡᠶᠢᠰᠢ ᠭᠡᠯᠪᠡᠷᠢ ᠪᠠᠨ ᠬᠤᠪᠢᠷᠠᠭᠤᠯᠬᠤ ᠠᠯᠬᠤᠮ ᠲᠦᠷᠭᠡᠳᠴᠦ᠂ ᠳᠤᠮᠳᠠ ᠣᠷᠣᠨ ᠤ ᠬᠥᠭᠵᠢᠯᠲᠡ ᠨᠠᠩ ᠥᠨᠳᠥᠷ ᠭᠠᠷᠤᠭ᠎ᠠ ᠳᠡᠭᠡᠷ᠎ᠡ ᠵᠣᠭᠰᠣᠪᠠ᠃ | ᠡᠭᠦᠨ ᠤ ᠬᠠᠮᠲᠤ ᠳᠤᠮᠳᠠ ᠣᠷᠣᠨ ᠤ ᠭᠠᠵᠠᠷ ᠣᠷᠣᠨ ᠤ ᠬᠥᠭᠵᠢᠯ ᠮᠠᠨᠳᠤᠯ ᠢ ᠠᠬᠢᠭᠤᠯᠬᠤ ᠳᠤ ᠮᠥᠨ ᠯᠡ ᠴᠥᠭᠡᠨ ᠪᠤᠰᠤ ᠬᠦᠴᠢᠷᠳᠡᠯ ᠪᠠ | ᠥᠷᠢᠰᠦᠯᠳᠦᠭᠡᠨ ᠳᠤ ᠲᠤᠯᠭᠠᠷᠠᠵᠤ᠂ ᠦᠨᠡᠨ ᠬᠦ ᠰᠤᠳᠤᠯᠤᠨ ᠰᠢᠢᠳᠪᠦᠷᠢᠯᠡᠬᠦ ᠬᠡᠷᠡᠭᠲᠡᠢ ᠭᠡᠳᠡᠭ ᠢ ᠣᠯᠵᠤ ᠬᠠᠷᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ | ᠳᠠᠭᠠᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠢᠳᠡᠪᠬᠢᠲᠡᠢ ᠪᠤᠶᠢᠵᠢᠭᠤᠯᠤᠨ ᠬᠥᠭᠵᠢᠭᠦᠯᠬᠦ ᠬᠡᠷᠡᠭᠲᠡᠢ᠃ ᠪᠣᠳᠠᠲᠤ ᠴᠣᠭᠴᠠ ᠶᠢᠨ | ᠠᠵᠤ ᠠᠬᠤᠢ ᠭᠡᠬᠦ ᠡᠨᠡ ᠬᠦ ᠰᠠᠭᠤᠷᠢ ᠳᠤ ᠰᠠᠭᠤᠷᠢᠯᠠᠨ᠂ ᠲᠡᠷᠢᠭᠦᠨ ᠤ ᠦᠢᠯᠡᠳᠬᠦ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠨ᠎ᠡ | ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠢᠳᠡᠪᠬᠢᠲᠡᠢ ᠠᠬᠢᠭᠤᠯᠤᠨ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠵᠤ ᠪᠦᠲᠦᠭᠡᠨ | ᠪᠠᠶᠢᠭᠤᠯᠵᠤ᠂ ᠲᠡᠷᠢᠭᠦᠨ ᠤ ᠦᠢᠯᠡᠳᠬᠦ ᠦᠢᠯᠡᠰ ᠢᠶᠠᠷ ᠲᠤᠯᠭᠠᠭᠤᠷᠢᠯᠠᠯ ᠪᠤᠯᠭᠠᠬᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ | ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ | ᠠᠭᠤᠰᠤᠯᠴᠠᠯ ᠢ ᠨᠡᠩ ᠴᠢᠬᠤᠯᠠᠴᠢᠯᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ | ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠡᠬᠢᠨ ᠤ ᠪᠠ ᠡᠴᠦᠰ ᠤᠨ ᠠᠵᠤ ᠦᠢᠯᠡᠰ ᠨᠢᠭᠲᠠ | ᠬᠠᠮᠲᠤᠷᠠᠯᠴᠠᠭᠰᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠠᠭᠤᠰᠤᠯᠴᠠᠨ | ᠨᠡᠪᠲᠡᠷᠡᠯᠴᠡᠵᠦ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ | ᠬᠦᠴᠦᠨ ᠪᠣᠯᠭᠠᠨ ᠣᠨᠳᠣᠣᠰᠢᠭᠤᠯᠬᠤ ᠶᠢ ᠲᠦᠷᠭᠡᠳᠬᠡᠬᠦ ᠬᠡᠷᠡᠭᠲᠡᠢ᠃ ᠦᠢᠯᠡᠳᠬᠦ ᠦᠢᠯᠡᠰ ᠤᠨ ᠴᠢᠬᠤᠯᠠ ᠶᠡᠭᠡ ᠮᠡᠷᠭᠡᠵᠢᠯ ᠤᠨ ᠥᠭᠡᠷᠡᠴᠢᠯᠡᠯᠲᠡ ᠬᠢᠵᠦ | ᠲᠡᠰ ᠳᠡᠪᠰᠢᠭᠦᠯᠬᠦ ᠪᠠ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠦᠢᠯᠡᠳᠬᠦ ᠦᠢᠯᠡᠰ ᠢ | ᠳᠡᠭᠡᠳᠦ ᠲᠡᠰᠵᠢᠭᠦᠯᠭᠦ᠂ ᠣᠶᠤᠨᠴᠢᠯᠠᠬᠤ᠂ ᠪᠣᠬᠢᠷᠳᠤᠯ ᠦᠭᠡᠶᠢᠵᠢᠭᠦᠯᠦᠨ ᠬᠥᠭᠵᠢᠭᠦᠯᠬᠦ ᠶᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠢ ᠰᠢᠨ᠎ᠡ | ᠠᠮᠢᠵᠢᠷᠠᠯ ᠤᠨ ᠬᠦᠴᠦᠨ ᠲᠠᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠪᠤᠰᠤᠳ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠯᠤᠭ᠎ᠠ ᠵᠤᠯᠭᠠᠯᠴᠠᠭᠤᠯᠬᠤ ᠶᠢ ᠴᠢᠩᠭᠠᠳᠬᠠᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠨᠡᠩ ᠰᠠᠶᠢᠲᠤᠷ ᠠᠭᠤᠰᠤᠯᠴᠠᠨ ᠲᠤᠯᠭᠠᠭᠤᠷᠢᠯᠠᠬᠤ ᠬᠡᠷᠡᠭᠲᠡᠢ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ | ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠯᠤᠭ᠎ᠠ ᠶᠢᠨ ᠭᠦᠨᠵᠡᠭᠡᠢ ᠵᠣᠯᠭᠠᠯᠴᠠᠭ᠎ᠠ ᠶᠢ ᠴᠢᠩᠭᠠᠳᠬᠠᠵᠤ᠂ | ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ | ᠰᠠᠶᠢᠲᠠᠢ ᠬᠥᠭᠵᠢᠯᠲᠡ ᠯᠦᠭᠡ ᠶᠢᠨ ᠠᠭᠤᠰᠤᠯᠴᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠬᠤ ᠬᠡᠷᠡᠭᠲᠡᠢ᠃ ᠠᠵᠤ ᠦᠢᠯᠡᠰ ᠢ ᠱᠠᠲᠤᠯᠢᠭ | ᠰᠢᠯᠵᠢᠭᠦᠯᠬᠦ ᠶᠢ ᠡᠮᠬᠢ ᠵᠢᠷᠤᠮ ᠲᠠᠢ ᠪᠠᠷ ᠭᠥᠯᠢᠶᠡᠨ ᠠᠪᠴᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠬᠡᠷᠡᠭᠲᠡᠢ᠃ | ᠣᠳᠣᠬᠢᠴᠢᠯᠠᠭᠰᠠᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠ | ᠣᠷᠣᠨ ᠤ ᠶᠡᠭᠡ ᠨᠡᠪᠲᠡᠷᠡᠬᠦ ᠵᠠᠮ ᠤᠨ ᠪᠠᠶᠢᠷᠢᠰᠢᠯ ᠢ ᠴᠢᠩᠭᠠᠳᠬᠠᠬᠤ ᠬᠡᠷᠡᠭᠲᠡᠢ᠃ ᠣᠷᠣᠨ ᠪᠦᠰᠡ ᠶᠢᠨ ᠳᠣᠲᠣᠷᠠᠬᠢ ᠮᠤᠵᠢ ᠶᠢᠨ ᠬᠤᠭᠤᠷᠣᠨᠳᠣᠭᠢ | ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠲᠦᠪᠰᠢᠨ ᠢ ᠳᠡᠭᠡᠭᠰᠢᠯᠡᠭᠦᠯᠭᠦ | ᠬᠡᠷᠡᠭᠲᠡᠢ᠃ ᠬᠥᠬᠡᠮᠥ᠋ᠷᠡᠨ ᠤ ᠳᠤᠮᠳᠠ ᠤᠷᠤᠰᠬᠠᠯ ᠤᠨ ᠬᠤᠳᠠ ᠶᠢᠨ ᠪᠦᠯᠦᠭᠵᠢᠯ ᠪᠠ ᠳᠤᠮᠳᠠᠳᠤ ᠣᠷᠣᠨ ᠤ ᠬᠤᠳᠠ ᠶᠢᠨ ᠪᠦᠯᠦᠭᠵᠢᠯ ᠤᠨ ᠬᠥᠭᠵᠢᠯᠲᠡ ᠶᠢ | ᠶᠡᠭᠡ ᠪᠠᠷ ᠠᠬᠢᠭᠤᠯᠵᠤ᠂ ᠬᠤᠳᠠ ᠶᠢᠨ ᠬᠦᠷᠢᠶᠡᠨ ᠤ ᠬᠤᠭᠤᠷᠣᠨᠳᠣᠭᠢ ᠵᠣᠬᠢᠴᠠᠯᠳᠤᠨ ᠬᠤᠯᠪᠣᠯᠳᠤᠬᠤ ᠶᠢ ᠴᠢᠩᠭᠠᠳᠬᠠᠵᠤ᠂ ᠡᠷᠭᠢᠨ ᠲᠣᠭᠤᠷᠢᠨ ᠤ ᠭᠠᠵᠠᠷ | ᠣᠷᠣᠨ ᠤ ᠬᠥᠭᠵᠢᠯᠲᠡ ᠶᠢ ᠨᠡᠩ ᠰᠠᠶᠢᠲᠤᠷ ᠳᠠᠭᠠᠭᠤᠯᠤᠨ ᠳᠠᠶᠢᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠦᠨ ᠳᠠᠪᠬᠤᠷᠭ᠎ᠠ ᠶᠢᠨ ᠥᠭᠡᠷᠡᠴᠢᠯᠡᠯᠲᠡ ᠪᠣᠯᠣᠨ ᠥᠨᠳᠥᠷ ᠲᠦᠪᠰᠢᠨ ᠪᠦᠬᠦᠢ ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠨᠡᠩ ᠥᠷᠢᠰᠦᠯᠳᠦᠬᠦ ᠬᠦᠴᠦᠨ ᠲᠠᠢ ᠳᠣᠲᠣᠭᠠᠳᠤ ᠬᠠᠭᠤᠷᠠᠢ ᠶᠢᠨ ᠨᠡᠭᠡᠭᠡᠯᠲᠡ ᠶᠢᠨ ᠥᠨᠳᠦᠷᠯᠢᠭ ᠢ ᠦᠷᠭᠦᠯᠵᠢᠯᠡᠨ ᠴᠣᠭᠴᠠᠯᠠᠬᠤ ᠬᠡᠷᠡᠭᠲᠡᠢ᠃ | ᠡᠯᠧᠮᠧᠨ᠋ᠲ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ | ᠲᠡᠭᠦᠯᠳᠡᠷᠵᠢᠭᠦᠯᠦᠨ᠂ ᠣᠷᠣᠨ ᠨᠤᠲᠤᠭ ᠤᠨ ᠬᠠᠮᠠᠭᠠᠯᠠᠯᠲᠠ ᠶᠢᠨ ᠦᠢᠯᠡ ᠠᠵᠢᠯᠯᠠᠭ᠎ᠠ ᠶᠢ ᠪᠦᠭᠦ ᠲᠠᠯ᠎ᠠ ᠪᠠᠷ ᠢᠯᠭᠠᠷᠠᠭᠤᠯᠤᠨ ᠵᠠᠯᠠᠷᠠᠭᠤᠯᠵᠤ᠂ ᠡᠯ᠎ᠡ | ᠵᠦᠢᠯ ᠤᠨ ᠦᠢᠯᠡᠳᠪᠦᠷᠢᠯᠡᠯ ᠤᠨ ᠬᠦᠴᠦᠨ ᠤ ᠡᠯᠧᠮᠧᠨ᠋ᠲ ᠤᠨ ᠣᠷᠣᠨ ᠪᠦᠰᠡ ᠠᠯᠤᠰᠯᠠᠨ ᠵᠦᠢ ᠵᠣᠬᠢᠰᠲᠠᠢ ᠪᠠᠷ ᠰᠢᠯᠵᠢᠭᠦ ᠪᠠ ᠰᠢᠯᠢᠳᠡᠭᠵᠢᠭᠦᠯᠦᠨ | ᠲᠣᠬᠢᠷᠠᠭᠤᠯᠬᠤ ᠶᠢ ᠠᠬᠢᠭᠤᠯᠵᠤ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠨᠡᠩ ᠰᠠᠶᠢᠨ ᠣᠷᠤᠯᠴᠠᠬᠤ ᠬᠡᠷᠡᠭᠲᠡᠢ᠃ | ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ | ᠭᠦᠨᠵᠡᠭᠡᠢ ᠠᠭᠤᠰᠤᠯᠴᠠᠵᠤ᠂ ᠰᠢᠨ᠎ᠡ ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠶᠢᠨ ᠬᠥᠭᠦᠷᠭᠡ᠂ ᠪᠠᠷᠠᠭᠤᠨ ᠬᠡᠰᠡᠭ ᠤᠨ ᠡᠬᠡ ᠬᠠᠭᠤᠷᠠᠢ ᠪᠠ ᠲᠡᠯᠡᠶ ᠶᠢᠨ | ᠰᠢᠨ᠎ᠡ ᠨᠡᠪᠲᠡᠷᠡᠬᠦ ᠵᠠᠮ ᠳᠤ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠥᠨᠳᠥᠷ ᠪᠠᠷᠢᠮᠵᠢᠶ᠎ᠠ ᠪᠠᠷ | ᠪᠦᠲᠦᠭᠡᠨ ᠪᠠᠶᠢᠭᠤᠯᠵᠤ᠂ ᠨᠠᠩ ᠣᠯᠠᠨ ᠥᠨᠳᠥᠷ ᠴᠢᠳᠠᠮᠵᠢᠲᠤ ᠭᠠᠳᠠᠭᠠᠳᠤ ᠨᠡᠭᠡᠭᠡᠯᠲᠡ ᠶᠢᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠨ ᠨᠡᠪᠲᠡᠷᠡᠭᠦᠯᠬᠦ ᠲᠠᠯ᠎ᠠ ᠪᠠᠷ ᠨᠠᠩ ᠶᠡᠭᠡ ᠦᠢᠯᠡᠳᠦᠯ ᠦᠵᠡᠭᠦᠯᠭᠦ ᠬᠡᠷᠡᠭᠲᠡᠢ᠃ ᠵᠠᠬ᠎ᠠ | ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠴᠢᠩᠭᠠᠳᠬᠠᠵᠤ᠂ | ᠤᠯᠤᠰ ᠤᠨ ᠳᠣᠲᠣᠭᠠᠳᠤ ᠭᠠᠳᠠᠭᠠᠳᠤ ᠶᠢᠨ ᠡᠯᠧᠮᠧᠨ᠋ᠲ ᠤᠨ ᠡᠬᠢ ᠪᠠᠶᠠᠯᠢᠭ ᠲᠠᠬᠢ ᠲᠠᠲᠠᠬᠤ ᠬᠦᠴᠦᠨ ᠢ ᠴᠢᠩᠭᠠᠷᠠᠭᠤᠯᠬᠤ ᠬᠡᠷᠡᠭᠲᠡᠢ᠃ ︽ᠬᠤᠶᠠᠷ ᠤᠬᠳᠤ | ᠭᠤᠶᠢᠪᠢᠰᠢ ᠦᠭᠡᠢ ᠪᠠᠶᠢᠬᠤ︾ ᠶᠢ ᠪᠠᠷᠢᠮᠲᠠᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠦᠴᠦᠷᠬᠡᠭᠵᠢᠨ ᠰᠢᠯᠢᠳᠡᠭᠵᠢᠵᠦ | ᠪᠤᠵᠠᠭᠠᠶᠢᠷᠠᠬᠤ ᠶᠢ ᠲᠡᠮᠵᠢᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠴᠢᠨᠠᠭᠰᠢᠳᠠ | ᠰᠢᠯᠢᠳᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ | ᠬᠠᠮᠵᠢᠯᠴᠠᠨ ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠ ᠣᠷᠣᠨ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ᠃ ᠪᠣᠬᠢᠷᠳᠤᠯ ᠢ ᠰᠡᠷᠭᠡᠶᠢᠯᠡᠨ | ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠶᠡᠭᠡ ᠭᠤᠣᠯ ᠮᠥᠷᠡᠨ ᠪᠠ ᠴᠢᠬᠤᠯᠠ ᠨᠠᠭᠤᠷ | ᠴᠥᠭᠦᠷᠥᠮ ᠤᠨ ᠠᠮᠢ ᠠᠬᠤᠢ ᠣᠷᠴᠢᠨ ᠲᠣᠭᠤᠷᠢᠨ ᠢ ᠰᠢᠰᠲ᠋ᠧᠮ ᠲᠠᠢ ᠵᠠᠰᠠᠬᠤ᠂ ᠶᠡᠷᠦᠩᠬᠡᠶᠢᠯᠡᠨ ᠵᠠᠰᠠᠬᠤ᠂ ᠬᠠᠮᠵᠢᠯᠴᠠᠨ ᠵᠠᠰᠠᠬᠤ ᠶᠢ ᠴᠢᠩᠭᠠᠳᠬᠠᠵᠤ᠂ | ᠬᠤᠳᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠴᠤᠭᠯᠠᠭᠤᠯᠬᠤ ᠪᠠ ᠰᠢᠢᠳᠪᠦᠷᠢᠯᠡᠬᠦ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ | ᠨᠥᠬᠦᠪᠦᠷᠢᠯᠡᠬᠦ ᠬᠡᠷᠡᠭᠲᠡᠢ᠃ ᠠᠵᠤ ᠦᠢᠯᠡᠰ᠂ ᠡᠨᠧᠷᠭᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠶᠢᠨ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠢ | ᠲᠦᠷᠭᠡᠳᠬᠡᠨ ᠪᠤᠶᠢᠵᠢᠭᠤᠯᠤᠨ ᠪᠤᠵᠠᠭᠠᠶᠢᠷᠠᠭᠤᠯᠵᠤ᠂ ᠡᠬᠢ ᠪᠠᠶᠠᠯᠢᠭ ᠢ ᠠᠷᠪᠢᠯᠠᠬᠤ ᠡᠷᠴᠢᠮᠵᠢᠭᠦᠯᠬᠦ ᠡᠷᠭᠢᠯᠳᠦᠭᠦᠯᠦᠨ ᠠᠰᠢᠭᠯᠠᠬᠤ ᠶᠢ ᠴᠢᠩᠭᠠᠳᠬᠠᠬᠤ | ᠬᠡᠷᠡᠭᠲᠡᠢ᠃ ᠰᠠᠪᠠ ᠭᠠᠵᠠᠷ ᠤᠨ ᠬᠥᠨᠳᠡᠯᠡᠨ ᠴᠢᠭᠯᠡᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠲᠣᠭᠲᠠᠴᠠ ᠪᠠ ᠠᠮᠢ ᠠᠬᠤᠢ ᠶᠢᠨ | ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠦᠢᠯᠡᠰ ᠢ ᠠᠮᠢ ᠠᠬᠤᠶᠢᠵᠢᠭᠤᠯᠬᠤ ᠪᠠ ᠠᠮᠢ ᠠᠬᠤᠢ ᠶᠢ ᠠᠵᠤ | ᠦᠢᠯᠡᠰᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠰᠢᠶᠠᠨ ᠤ ᠬᠤᠳᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ | ᠭᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠳᠠ ᠬᠥᠳᠡᠭᠡ ᠶᠢᠨ ᠬᠤᠭᠤᠷᠣᠨᠳᠣᠭᠢ ᠤᠯᠠᠨ ᠨᠡᠶᠢᠲᠡ ᠶᠢᠨ | ᠡᠬᠢ ᠪᠠᠶᠠᠯᠢᠭ ᠢ ᠲᠡᠩᠴᠡᠭᠦᠷᠢᠲᠡᠢ ᠲᠣᠬᠢᠷᠠᠭᠤᠯᠬᠤ ᠪᠠ ᠦᠢᠯᠡᠳᠪᠦᠷᠢᠯᠡᠯ ᠤᠨ ᠡᠯᠧᠮᠧᠨ᠋ᠲ ᠢ ᠴᠢᠯᠦᠭᠡᠲᠡᠢ ᠰᠢᠯᠵᠢᠭᠦᠯᠬᠦ ᠶᠢ ᠠᠬᠢᠭᠤᠯᠵᠤ᠂ ᠬᠤᠳᠠ ᠶᠢᠨ | ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠬᠥᠳᠡᠭᠡ ᠲᠣᠰᠬᠤᠨ ᠲᠡᠶᠢᠰᠢ ᠤᠷᠲᠤᠳᠬᠠᠬᠤ ᠶᠢ ᠠᠬᠢᠭᠤᠯᠬᠤ ᠬᠡᠷᠡᠭᠲᠡᠢ᠃ | ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ ᠤᠯᠠᠮ ᠴᠢᠨᠠᠭᠰᠢᠳᠠ ᠰᠠᠶᠢᠵᠢᠷᠠᠭᠤᠯᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠴᠡᠭᠴᠡᠯᠡᠨ | ᠵᠠᠰᠠᠯᠲᠠ ᠶᠢ ᠴᠢᠩᠭᠠᠳᠬᠠᠵᠤ᠂ ᠲᠠᠷᠢᠶᠠᠯᠠᠩ ᠤᠨ ᠵᠣᠬᠢᠰᠲᠠᠢ ᠭᠡᠪᠴᠢᠶᠡᠵᠢᠯᠳᠤ ᠡᠵᠡᠩᠨᠡᠯᠲᠡ ᠶᠢ ᠠᠬᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ | ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠴᠢᠨᠠᠭᠰᠢᠳᠠ | ᠭᠦᠨᠵᠡᠭᠡᠶᠢᠷᠡᠭᠦᠯᠵᠦ᠂ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠠᠷᠠᠳ ᠢ ᠪᠠᠶᠠᠵᠢᠭᠤᠯᠬᠤ ᠶᠢ ᠳᠡᠮᠵᠢᠬᠦ ᠳᠦᠷᠢᠮ ᠢ | ᠲᠡᠭᠦᠯᠳᠡᠷᠵᠢᠭᠦᠯᠦᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠶᠢᠨ ᠠᠮᠢᠳᠤᠯᠢᠭ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ | ᠬᠤᠰᠢᠭᠤ ᠰᠢᠶᠠᠨ ᠤ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠰᠢᠨ᠎ᠡ ᠨᠡᠮᠡᠭᠳᠡᠯ ᠤᠨ ᠴᠡᠭ ᠢ ᠪᠤᠶ ᠪᠤᠯᠭᠠᠬᠤ ᠬᠡᠷᠡᠭᠲᠡᠢ᠃ ᠬᠤᠪᠢᠰᠬᠠᠯ ᠤᠨ ᠡᠷᠲᠡ | ᠴᠢᠯᠦᠭᠡᠯᠡᠭᠳᠡᠭᠰᠡᠨ ᠣᠷᠣᠨ ᠪᠣᠯᠣᠨ ᠬᠥᠭᠵᠢᠭᠡᠳᠦᠢ ᠰᠢᠶᠠᠨ ︵ᠬᠤᠲᠠ᠂ ᠲᠣᠭᠤᠷᠢᠭ︶ ᠢ ᠬᠥᠭᠵᠢᠭᠦᠯᠦᠨ ᠮᠠᠨᠳᠤᠭᠤᠯᠬᠤ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠨ᠂ ᠣᠨᠴᠠᠯᠢᠭᠲᠤ ᠠᠵᠤ ᠦᠢᠯᠡᠰ ᠢ ᠬᠥᠭᠵᠢᠭᠦᠯᠦᠨ | ᠪᠤᠵᠠᠭᠠᠶᠢᠷᠠᠭᠤᠯᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠬᠤ ᠬᠡᠷᠡᠭᠲᠡᠢ᠃ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ | ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ᠃ | ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠶᠡᠭᠡ ᠪᠠᠷ ᠠᠬᠢᠭᠤᠯᠵᠤ᠂ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠬᠤ ᠬᠡᠷᠡᠭᠲᠡᠢ᠃ | ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ | ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠪᠡᠶᠡᠯᠡᠭᠦᠯᠵᠦ᠂ ᠢᠳᠡᠪᠬᠢᠲᠡᠢ ᠪᠥᠭᠡᠳ ᠡᠷᠡᠭᠦᠯ | ᠨᠡᠶᠢᠭᠡᠮ ᠤᠨ ᠠᠮᠢ ᠠᠬᠤᠢ ᠶᠢ ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠬᠠᠷᠢᠯᠴᠠᠨ ᠠᠬᠢᠭᠤᠯᠬᠤ ᠶᠢ ᠪᠠᠷᠢᠮᠲᠠᠯᠠᠵᠤ᠂ | ᠠᠮᠤ ᠪᠤᠳᠠᠭ᠎ᠠ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠭᠦ ᠬᠡᠷᠡᠭᠲᠡᠢ᠃ ᠠᠮᠤ | ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ | ᠣᠷᠣᠨ ᠪᠠ ᠣᠨᠴᠠᠯᠢᠭᠲᠤ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠳᠠᠪᠠᠭᠤᠯᠢᠭ ᠣᠷᠣᠨ ᠤ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ | ᠠᠬᠢᠭᠤᠯᠵᠤ᠂ ᠨᠢᠭᠡ ᠪᠦᠯᠦᠭ ᠪᠣᠬᠢᠷᠳᠤᠯ ᠦᠭᠡᠢ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠢ ᠦᠢᠯᠡᠳᠪᠦᠷᠢᠯᠡᠬᠦ ᠪᠤᠯᠪᠠᠰᠤᠷᠠᠭᠤᠯᠬᠤ ᠬᠠᠩᠭᠠᠬᠤ | ᠰᠠᠭᠤᠷᠢᠨ ᠢ ᠪᠤᠢ ᠪᠤᠯᠭᠠᠵᠤ᠂ ᠠᠮᠤ ᠪᠤᠳᠠᠭ᠎ᠠ ᠵᠡᠷᠭᠡ ᠴᠢᠬᠤᠯᠠ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠲᠣᠭᠲᠠᠭᠤᠨ ᠪᠥᠭᠡᠳ ᠠᠮᠤᠷ ᠲᠦᠪᠰᠢᠨ | ᠬᠠᠩᠭᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ᠃ ᠨᠡᠭᠦᠷᠡᠰᠦ᠂ ᠬᠤᠪᠣᠷ ᠰᠢᠷᠣᠢ ᠵᠡᠷᠭᠡ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠷᠢ ᠲᠦᠪᠰᠢᠨ ᠢ | ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠡᠭᠦᠷᠡᠰᠦ ᠵᠡᠷᠭᠡ ᠴᠢᠯᠠᠭᠤᠵᠢᠮᠠᠯ ᠡᠨᠧᠷᠭᠢ ᠶᠢᠨ ᠦᠨᠳᠦᠰᠦᠨ ᠵᠦᠢᠯ ᠢ ᠪᠠᠲᠤᠯᠠᠬᠤ ᠴᠢᠳᠠᠪᠤᠷᠢ ᠶᠢ ᠴᠢᠩᠭᠠᠷᠠᠭᠤᠯᠤᠨ | ᠂ ᠰᠢᠨ᠎ᠡ ᠮᠠᠶ᠋ᠢᠭ ᠤᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠤᠯᠠᠮᠵᠢᠯᠠᠯᠲᠤ ᠡᠨᠧᠷᠭᠢ ᠬᠢᠭᠡᠳ ᠰᠢᠨ᠎ᠡ ᠡᠨᠧᠷᠭᠢ ᠶᠢᠨ ᠣᠯᠠᠨ ᠡᠨᠧᠷᠭᠢ | ᠬᠠᠷᠢᠯᠴᠠᠨ ᠨᠥᠬᠦᠪᠦᠷᠢᠯᠡᠬᠦ᠂ ᠭᠦᠨᠵᠡᠭᠡᠢ ᠠᠭᠤᠰᠤᠯᠴᠠᠭᠤᠯᠬᠤ ᠶᠢ ᠴᠢᠬᠤᠯᠠᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠲᠥᠪ ᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠴᠠᠭ ᠦᠶ᠎ᠡ ᠶᠢᠨ ᠳᠤᠮᠳᠠ ᠣᠷᠣᠨ ᠤ ᠬᠥᠭᠵᠢᠨ ᠮᠠᠨᠳᠤᠬᠤ ᠶᠢ ᠠᠬᠢᠭᠤᠯᠬᠤ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠬᠡᠷᠡᠭᠲᠡᠢ᠃ ᠣᠷᠣᠨ ᠨᠤᠲᠤᠭ ᠤᠨ ᠨᠠᠮ ᠤᠨ ᠬᠤᠷᠢᠶ᠎ᠠ ᠪᠣᠯᠣᠨ ᠵᠠᠰᠠᠭ ᠤᠨ | ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠡᠷᠡᠰ ᠲᠤᠭᠤᠰᠢᠯᠠᠭᠤᠯᠵᠤ᠂ ᠭᠤᠣᠯᠳᠠᠯᠭ᠎ᠠ ᠲᠠᠢ ᠠᠵᠢᠯ ᠤᠨ ᠡᠭᠦᠷᠭᠡ᠂ ᠴᠢᠬᠤᠯᠠ ᠶᠡᠭᠡ ᠥᠭᠡᠷᠡᠴᠢᠯᠡᠯᠲᠡ ᠶᠢᠨ ᠵᠦᠢᠯᠡᠰ ᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠦᠨᠡᠨᠴᠢ | ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠬᠦᠴᠦᠯᠡᠨ | ᠪᠠᠶᠢᠭᠤᠯᠵᠤ᠂ ᠬᠢᠨᠠᠨ ᠰᠢᠯᠭᠠᠵᠤ ᠤᠷᠮᠠᠰᠢᠭᠤᠯᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠺᠠᠳ᠋ᠷ ᠤᠨ ᠵᠣᠷᠢᠭᠲᠠᠢ ᠪᠠᠷ ᠵᠠᠮ ᠨᠡᠭᠡᠭᠡᠬᠦ᠂ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠ ᠣᠷᠣᠨ ᠤ ᠭᠠᠵᠠᠷ ᠣᠷᠣᠨ ᠢ ᠪᠦᠭᠦ᠋ᠢᠯᠡ ᠤᠯᠤᠰ ᠤᠨ ᠨᠤᠲᠤᠭ | ᠳᠡᠪᠢᠰᠬᠡᠷ ᠳᠤᠮᠳᠠ ᠲᠠᠯᠪᠢᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠲᠤᠯᠭᠠᠭᠤᠷᠢᠯᠠᠬᠤ ᠳᠤᠮᠳᠠ ᠪᠠᠶᠢᠷᠢ ᠲᠣᠭᠲᠠᠭᠠᠨ ᠪᠣᠳᠣᠯᠬᠢᠯᠠᠵᠤ᠂ | ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ | ᠬᠡᠷᠡᠭᠲᠡᠢ᠃ ᠳᠤᠮᠳᠠ ᠣᠷᠣᠨ ᠤ ᠭᠠᠵᠠᠷ ᠣᠷᠣᠨ ᠤ ᠬᠢᠨ ᠪᠤᠰᠤᠳ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ | ᠰᠠᠨᠠᠭᠠᠴᠢᠯᠠᠭ᠎ᠠ ᠠᠴᠠ ᠪᠠᠨ ᠵᠤᠯᠭᠠᠯᠴᠠᠵᠤ᠂ ᠵᠡᠭᠦᠨ ᠣᠷᠣᠨ ᠤ ᠭᠠᠵᠠᠷ ᠣᠷᠣᠨ ᠤ ᠠᠵᠤ ᠦᠢᠯᠡᠰ ᠤᠨ ᠰᠢᠨ᠎ᠡ ᠶᠢ ᠡᠭᠦᠳᠬᠦ ᠡᠬᠢ ᠪᠠᠶᠠᠯᠢᠭ ᠢ | ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠪᠠᠷᠠᠭᠤᠨ ᠣᠷᠣᠨ ᠤ ᠭᠠᠵᠠᠷ ᠣᠷᠣᠨ ᠢ ᠨᠥᠯᠥᠭᠡᠯᠡᠨ ᠳᠠᠶᠢᠴᠢᠯᠠᠬᠤ ᠦᠢᠯᠡᠳᠦᠯ ᠢᠶᠠᠨ ᠴᠢᠩᠭᠠᠳᠬᠠᠨ᠂ | ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠭᠦ ᠬᠡᠷᠡᠭᠲᠡᠢ᠃ ᠳᠠᠪᠠᠭᠤᠯᠢᠭ ᠲᠠᠯ᠎ᠠ ᠪᠠᠨ ᠳᠠᠪᠲᠠᠨ ᠪᠤᠯᠪᠠᠰᠤᠷᠠᠭᠤᠯᠵᠤ | ᠳᠤᠲᠠᠭᠤᠳᠠᠯ ᠢᠶᠠᠨ ᠨᠥᠬᠦᠪᠦᠷᠢᠯᠡᠵᠦ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ | ᠵᠡᠷᠭᠡ ᠲᠠᠯ᠎ᠠ ᠪᠠᠷ ᠳᠠᠪᠠᠭᠤᠯᠢᠭ ᠢᠶᠠᠨ ᠪᠠᠳᠠᠷᠠᠭᠤᠯᠵᠤ᠂ ᠳᠠᠯᠳᠠ ᠴᠢᠳᠠᠪᠤᠷᠢ ᠪᠠᠨ ᠪᠠᠳᠠᠷᠠᠭᠤᠯᠵᠤ᠂ ᠣᠷᠣᠨ ᠪᠦᠰᠡ ᠶᠢᠨ ᠳᠣᠲᠣᠭᠠᠳᠤ ᠶᠢᠨ | ᠬᠠᠮᠲᠤᠷᠠᠯᠴᠠᠭ᠎ᠠ ᠪᠠᠨ ᠴᠢᠩᠭᠠᠳᠬᠠᠬᠤ᠂ ᠪᠦᠬᠦᠯᠢ ᠴᠣᠭᠴᠠ ᠪᠠᠷ ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠵᠤ᠂ ᠳᠤᠮᠳᠠ ᠣᠷᠣᠨ ᠤ ᠪᠦᠬᠦᠯᠢ | ᠴᠣᠭᠴᠠ ᠶᠢᠨ ᠪᠣᠳᠠᠲᠤ ᠬᠦᠴᠦᠨ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠢᠯᠡᠳᠬᠡᠪᠡ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ | ᠴᠢᠩᠭ᠎ᠠ ᠡᠵᠡᠮᠳᠡᠵᠦ᠂ ᠳᠤᠮᠳᠠ ᠣᠷᠣᠨ ᠤ ᠬᠥᠭᠵᠢᠯ ᠮᠠᠨᠳᠤᠯ ᠤᠨ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ | ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ | ᠬᠥᠭᠵᠢᠭᠦᠯᠬᠦ ᠬᠡᠷᠡᠭᠲᠡᠢ᠃ ᠠᠮᠤ ᠪᠤᠳᠠᠭ᠎ᠠ᠂ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ | ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠬᠤᠷᠰᠢᠯ ᠢ ᠪᠡᠶᠡᠯᠡᠭᠦᠯᠬᠦ ᠬᠡᠷᠡᠭᠲᠡᠢ᠃ ᠪᠦᠭᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠪᠠ ᠥᠨᠳᠥᠷ ᠲᠦᠪᠰᠢᠨ ᠪᠦᠬᠦᠢ ᠨᠡᠭᠡᠭᠡᠯᠲᠡᠲᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ᠃ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢ ᠴᠥᠬᠦᠷᠡᠰᠢ ᠦᠭᠡᠢ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠪᠣᠬᠢᠷᠳᠤᠯ ᠦᠭᠡᠢ ᠳᠡᠪᠢᠰᠬᠡᠷ | ᠥᠩᠭᠡ ᠶᠢ ᠵᠤᠵᠠᠭᠠᠳᠬᠠᠬᠤ ᠬᠡᠷᠡᠭᠲᠡᠢ ᠭᠡᠵᠦ ᠢᠯᠡᠳᠬᠡᠪᠡ᠃ | ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ ᠬᠤᠩ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠤᠨ ᠪᠠ ᠲᠥᠷᠥ ᠶᠢᠨ | ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠣᠷᠣᠨ ᠨᠤᠲᠤᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ | ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃ | |