ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤ ︽ ᠤᠮᠠᠷᠠᠲᠤ ᠶᠢᠨ ᠭᠤᠷᠪᠠᠨ ᠣᠷᠤᠨ︾ ᠤ ᠢᠨᠵᠧᠨᠧᠷᠢᠩ ᠤᠨ ᠲᠥᠷᠥᠯ ᠵᠦᠢᠯ ᠤᠨ | ᠭᠠᠵᠠᠷ ᠢ ᠰᠢᠯᠢᠳᠡᠭᠵᠢᠭᠦᠯᠦᠨ ᠲᠣᠬᠢᠷᠠᠭᠤᠯᠵᠤ᠂ ︽ ᠤᠮᠠᠷᠠᠲᠤ ᠶᠢᠨ ᠭᠤᠷᠪᠠᠨ ᠣᠷᠤᠨ︾ ᠤ ᠢᠨᠵᠧᠨᠧᠷᠢᠩ ᠤᠨ ᠬᠠᠲᠤᠨ ᠭᠤᠤᠯ ᠤᠨ ᠲᠣᠬᠤᠢ ᠶᠢᠨ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠰᠠᠭᠤᠷᠢ ᠲᠠᠯᠪᠢᠪᠠ᠃ | ᠡᠨᠡ ᠵᠢᠯ᠂ ᠤᠷᠠᠳ ᠤᠨ ᠡᠮᠦᠨᠡᠲᠦ ᠬᠤᠰᠢᠭᠤ ᠬᠤᠶᠠᠷ ᠶᠡᠭᠡ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠥᠬᠦ | ᠬᠦᠴᠦᠨ ᠢᠶᠠᠷ ᠢᠶᠠᠨ ᠪᠡᠶᠡᠯᠡᠭᠦᠯᠬᠦ ᠪᠠᠷ ᠪᠣᠢ᠃ ᠠᠮᠢ ᠠᠬᠤᠶ ᠶᠢᠨ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠡᠭᠦᠷᠭᠡ ᠶᠢ 6.41 ᠲᠦᠮᠡᠨ ᠮᠥ ᠬᠡᠷᠡᠭᠵᠢᠭᠦᠯᠵᠦ᠂ ᠡᠭᠦᠨ ᠳᠤ᠂ ᠲᠤᠷᠤᠭ ᠮᠣᠳᠣ ᠶᠢ 0.1 ᠲᠦᠮᠡᠨ ᠮᠥ᠂ ᠪᠣᠳᠠ ᠮᠣᠳᠣ ᠶᠢ 1.2 ᠲᠦᠮᠡᠨ ᠮᠥ᠂ | ᠨᠢᠰᠬᠡᠯ ᠢᠶᠠᠷ ᠳᠠᠷᠢᠬᠤ ᠶᠢ 1 ᠲᠦᠮᠡᠨ ᠮᠥ᠂ ᠬᠥᠮᠦᠨ ᠤ ᠬᠦᠴᠦ ᠪᠠᠷ ᠳᠠᠷᠢᠬᠤ ᠶᠢ 2.31 ᠲᠦᠮᠡᠨ ᠮᠥ᠂ ᠡᠯᠡᠰᠦ ᠶᠢ ᠲᠣᠭᠲᠠᠪᠤᠷᠢᠵᠢᠭᠤᠯᠬᠤ ᠶᠢ 0.2 | ᠲᠦᠮᠡᠨ ᠮᠥ᠂ ᠡᠯᠡᠰᠦ ᠶᠢ ᠪᠢᠲᠡᠭᠦᠮᠵᠢᠯᠡᠨ ᠣᠶᠢᠵᠢᠭᠤᠯᠬᠤ ᠶᠢ 1.6 ᠲᠦᠮᠡᠨ ᠮᠥ ᠬᠡᠷᠡᠭᠵᠢᠭᠦᠯᠦᠨ᠎ᠡ︔ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠢ | ᠨᠢᠭᠡ ᠴᠣᠭᠴᠠᠵᠢᠭᠤᠯᠤᠨ ᠬᠠᠮᠠᠭᠠᠯᠠᠵᠤ ᠰᠡᠷᠭᠦᠭᠡᠬᠦ ᠲᠥᠷᠥᠯ ᠵᠦᠢᠯ ᠢ 33 ᠲᠦᠮᠡᠨ ᠮᠥ ᠬᠡᠷᠡᠭᠵᠢᠭᠦᠯᠵᠦ᠂ ᠡᠭᠦᠨ ᠳᠤ᠂ ᠳᠤᠮᠳᠠ ᠨᠢᠯᠬ᠎ᠠ ᠣᠶ ᠶᠢ 8.5 | ᠲᠦᠮᠡᠨ ᠮᠥ ᠠᠷᠠᠴᠢᠯᠠᠨ ᠪᠤᠶᠢᠵᠢᠭᠤᠯᠵᠤ᠂ 6.5 ᠲᠦᠮᠡᠨ ᠮᠥ ᠳᠣᠷᠤᠶᠢᠲᠠᠭᠰᠠᠨ ᠣᠶ ᠶᠢ ᠵᠠᠰᠠᠨ ᠰᠡᠷᠭᠦᠭᠡᠵᠦ᠂ 5.5 ᠲᠦᠮᠡᠨ ᠮᠥ ᠨᠤᠲᠤᠭ ᠪᠡᠯᠴᠢᠭᠡᠷ ᠢ | ᠰᠠᠶᠢᠵᠢᠷᠠᠭᠤᠯᠵᠤ᠂ 12.5 ᠲᠦᠮᠡᠨ ᠮᠥ ᠨᠤᠲᠤᠭ ᠪᠡᠯᠴᠢᠭᠡᠷ ᠢ ᠬᠦᠷᠢᠶᠡᠯᠡᠨ ᠪᠢᠲᠡᠭᠦᠮᠵᠢᠯᠡᠨ᠎ᠡ᠃ | ᠡᠭᠦᠨ ᠠᠴᠠ ᠭᠠᠳᠠᠨ᠎ᠠ᠂ ᠤᠷᠠᠳ ᠤᠨ ᠡᠮᠦᠨᠡᠲᠦ ᠬᠤᠰᠢᠭᠤ ᠡᠨᠡ ᠵᠢᠯ ᠪᠠᠰᠠ ᠠᠮᠢ ᠠᠬᠤᠶ ᠶᠢ ᠵᠠᠰᠠᠨ ᠰᠡᠷᠭᠦᠭᠡᠬᠦ ᠭᠤᠷᠪᠠᠨ ᠵᠢᠱᠢᠶ᠎ᠡ ᠦᠵᠡᠭᠦᠯᠬᠦ | ᠴᠡᠭ ᠢ ᠬᠦᠴᠦᠯᠡᠨ ᠪᠠᠶᠢᠭᠤᠯᠤᠨ᠎ᠠ᠃ ᠤᠯᠠᠭᠠᠨᠰᠤᠬᠠᠢ ᠶᠢᠨ ᠡᠮᠦᠨ᠎ᠡ ᠡᠷᠭᠢ ᠶᠢᠨ ᠪᠠᠶᠢᠭᠠᠯᠢ ᠶᠢᠨ ᠪᠣᠳᠠ ᠮᠣᠳᠣ᠂ ᠨᠤᠲᠤᠭ ᠪᠡᠯᠴᠢᠭᠡᠷ ᠤᠨ ᠠᠮᠢ ᠠᠬᠤᠶ ᠶᠢ | ᠵᠠᠰᠠᠨ ᠰᠡᠷᠭᠦᠭᠡᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠨᠠᠶᠢᠯᠵᠠᠭᠤᠷ ᠬᠠᠷᠭᠠᠨ᠎ᠠ᠂ ᠥᠷᠭᠡᠰᠦᠲᠦ ᠰᠠᠷᠭᠠᠶ ᠵᠡᠷᠭᠡ ᠪᠣᠳᠠ ᠮᠣᠳᠣ ᠶᠢ ᠵᠠᠶᠢᠯᠠᠬᠤ ᠪᠠᠷ | ᠳᠡᠮᠵᠢᠨ᠂ ᠪᠠᠷᠤᠭ 1500 ᠮᠥ ᠭᠠᠵᠠᠷ ᠢ ᠵᠠᠰᠠᠨ ᠰᠡᠷᠭᠦᠭᠡᠨ᠎ᠡ︔ ᠬᠡᠰᠡᠭ ᠪᠤᠰᠠᠭ ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ | ᠨᠥᠬᠦᠵᠦ ᠲᠠᠷᠢᠬᠤ ᠨᠥᠬᠦᠵᠦ ᠣᠶᠢᠵᠢᠭᠤᠯᠬᠤ᠂ ᠡᠯᠡᠰᠦ ᠶᠢ ᠲᠣᠭᠲᠠᠪᠤᠷᠢᠵᠢᠭᠤᠯᠬᠤ᠂ ᠬᠦᠷᠢᠶᠡᠯᠡᠨ ᠪᠢᠲᠡᠭᠦᠮᠵᠢᠯᠡᠬᠦ ᠵᠡᠷᠭᠡ ᠠᠷᠭ᠎ᠠ ᠬᠡᠮᠵᠢᠶ᠎ᠡ ᠠᠪᠴᠤ᠂ | ᠪᠠᠷᠤᠭ 6000 ᠮᠦ ᠲᠠᠯᠠᠪᠠᠢ ᠶᠢ ᠵᠠᠰᠠᠨ᠎ᠠ︔ ᠰᠦᠵᠢ ᠶᠢᠨ ᠡᠯᠡᠰᠦᠷᠬᠡᠭ ᠭᠠᠵᠠᠷ ᠤᠨ ᠬᠡᠷᠡᠯ ᠸᠣᠯᠲ + ᠡᠯᠡᠰᠦ ᠶᠢ ᠵᠠᠰᠠᠬᠤ + ᠠᠭᠤᠷᠬᠠᠶ ᠶᠢᠨ ᠵᠠᠰᠠᠯᠲᠠ | + ᠠᠮᠢ ᠠᠬᠤᠶ ᠶᠢᠨ ᠵᠠᠰᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠬᠡᠷᠡᠯ ᠸᠣᠯᠲ ᠤᠨ ᠲᠤᠯᠭᠠᠭᠤᠷᠢ ᠵᠢᠶᠠᠰᠠ ᠶᠢᠨ ᠬᠤᠭᠤᠷᠣᠨᠳᠣ | ᠲᠡᠵᠢᠭᠡᠯ ᠡᠪᠡᠰᠦ ᠳᠠᠷᠢᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠪᠠᠷᠤᠭ 7000 ᠮᠥ ᠵᠠᠰᠠᠨ᠎ᠠ᠃ ᠳᠥᠷᠪᠡᠨ ᠱᠠᠲᠤᠨ ᠤ ᠤᠳᠤᠷᠢᠳᠤᠯᠭ᠎ᠠ ᠶᠢᠨ | ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠬᠦᠴᠦ ᠪᠠᠨ ᠬᠠᠮᠲᠤᠳᠬᠠᠨ ᠨᠠᠶᠢᠳᠠᠪᠤᠷᠢᠵᠢᠭᠤᠯᠤᠨ᠎ᠠ᠃ ᠬᠤᠰᠢᠭᠤᠨ ᠤ ᠤᠳᠤᠷᠢᠳᠤᠯᠭ᠎ᠠ᠂ ᠰᠤᠮᠤ | ᠪᠠᠯᠭᠠᠰᠤᠨ ᠤ ᠭᠤᠣᠯ ᠤᠳᠤᠷᠢᠳᠤᠯᠭ᠎ᠠ᠂ ᠣᠢ ᠰᠢᠭᠤᠢ ᠡᠪᠡᠰᠦ ᠪᠡᠯᠴᠢᠭᠡᠷ ᠤᠨ ᠳᠠᠭᠠᠭᠠᠴᠢᠯᠠᠯᠲᠠ ᠶᠢᠨ ᠺᠠᠳ᠋ᠷ᠂ ᠭᠠᠴᠠᠭ᠎ᠠ ᠲᠣᠰᠬᠤᠨ ᠤ ᠺᠠᠳ᠋ᠷ ᠬᠡᠰᠡᠭ | ᠬᠤᠪᠢᠶᠠᠨ ᠳᠠᠭᠠᠭᠠᠴᠢᠯᠠᠨ ᠬᠤᠯᠪᠣᠭᠠᠯᠠᠬᠤ ᠵᠣᠬᠢᠴᠠᠮᠵᠢ ᠶᠢ ᠪᠦᠷᠢᠨ ᠪᠣᠯᠭᠠᠨ ᠲᠡᠭᠦᠯᠳᠡᠷᠵᠢᠭᠦᠯᠵᠦ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠨ᠂ | ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠡᠯ᠎ᠡ ᠲᠥᠷᠥᠯ ᠤᠨ ᠠᠷᠭ᠎ᠠ ᠠᠪᠴᠠᠯ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠠᠵᠢᠯ ᠤᠨ ᠡᠮᠬᠢ ᠳᠠᠷᠠᠭ᠎ᠠ ᠲᠠᠢ ᠶᠠᠪᠤᠭᠳᠠᠬᠤ ᠶᠢ ᠪᠠᠲᠣᠯᠠᠬᠤ ᠪᠠᠷ ᠪᠣᠢ᠃ | | | |