ᠤᠷᠠᠳ ᠤᠨ ᠡᠮᠦᠨᠡᠲᠦ ᠬᠤᠰᠢᠭᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠬᠠᠷᠢᠭᠤᠯᠲᠠ ᠶᠢ  ᠭᠦᠢᠴᠡᠳᠭᠡᠬᠦ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/21
     3 ᠰᠠᠷ᠎ᠠ ᠶᠢᠨ 18 ᠤ ᠡᠳᠦᠷ᠂ ᠤᠷᠠᠳ ᠤᠨ ᠡᠮᠦᠨᠡᠲᠦ ᠬᠤᠰᠢᠭᠤ 12345 ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠬᠠᠷᠢᠭᠤᠯᠲᠠ ᠶᠢ  ᠭᠦᠢᠴᠡᠳᠭᠡᠬᠦ ᠶᠢ ᠠᠬᠢᠭᠤᠯᠬᠤ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠪᠥᠬᠦ ᠬᠤᠰᠢᠭᠤᠨ ᠤ ᠡᠯ᠎ᠡ ᠨᠢᠭᠡᠴᠡ ᠶᠢᠨ ᠠᠵᠢᠯ ᠤᠨ ᠬᠠᠭᠤᠳᠠᠰᠤ ᠶᠢᠨ ᠭᠠᠵᠠᠷ ᠤᠨ ᠠᠯᠪᠠᠨ ᠬᠡᠷ ᠤᠨ ᠪᠠᠶᠢᠳᠠᠯ ᠢ ᠵᠠᠷᠯᠠᠨ ᠮᠡᠳᠡᠭᠳᠡᠵᠦ᠂ ᠬᠦᠴᠢᠷ ᠲᠦᠪᠡᠭᠲᠡᠶ ᠠᠵᠢᠯ ᠤᠨ ᠬᠠᠭᠤᠳᠠᠰᠤ ᠳᠤ ᠰᠤᠳᠤᠯᠤᠯᠲᠠ ᠬᠢᠵᠦ᠂ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶᠢᠯᠠᠨ᠂ ᠰᠢᠢᠳᠪᠦᠷᠢᠯᠡᠬᠦ ᠰᠠᠨᠠᠭᠤᠯᠭ᠎ᠠ ᠳᠤᠷᠠᠳᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠳᠤᠷᠠᠳᠤᠭᠰᠠᠨ ᠨᠢ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠭᠦᠢᠴᠡᠳᠭᠡᠬᠦ ᠠᠵᠢᠯ ᠨᠢ ᠠᠷᠠᠳ ᠤᠨ ᠪᠠᠶᠢᠳᠠᠯ ᠢ ᠪᠠᠶᠢᠴᠠᠭᠠᠬᠤ᠂ ᠠᠷᠠᠳ ᠤᠨ ᠰᠠᠨᠠᠭ᠎ᠠ ᠶᠢ ᠣᠶᠢᠯᠠᠭᠠᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠴᠢᠬᠤᠯᠠ ᠲᠠᠪᠴᠠᠩ ᠪᠠᠶᠢᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠨᠠᠶᠢᠳᠠᠪᠤᠷᠢᠵᠢᠭᠤᠯᠬᠤ ᠴᠢᠬᠤᠯᠠ ᠠᠭᠤᠯᠭ᠎ᠠ ᠪᠣᠯᠬᠤ ᠪᠦᠭᠡᠳ ᠵᠠᠰᠠᠭ ᠤᠨ ᠣᠷᠳᠣᠨ ᠬᠢᠭᠡᠳ ᠣᠯᠠᠨ ᠲᠦᠮᠡᠨ ᠤ ᠬᠠᠷᠢᠯᠴᠠᠨ ᠬᠥᠳᠡᠯᠦᠯᠴᠡᠬᠦ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ ᠳᠡᠶᠢᠯᠦᠨ᠎ᠡ᠃ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠴᠢᠩᠭᠠᠳᠬᠠᠨ᠂ ᠠᠷᠠᠳ ᠲᠤ ᠦᠢᠯᠡᠴᠢᠯᠡᠬᠦ ᠳᠥᠭᠦᠮ ᠳᠥᠲᠡ᠂ ᠥᠨᠳᠥᠷ ᠪᠦᠲᠦᠮᠵᠢᠲᠡᠶ᠂ ᠵᠢᠷᠤᠮᠵᠢᠯ ᠲᠠᠢ᠂ ᠣᠶᠤᠨᠴᠢ ᠬᠠᠯᠠᠮᠰᠢᠯ ᠤᠲᠠᠰᠤᠨ ᠤ ᠲᠠᠪᠴᠠᠩ ᠢ ᠬᠠᠮᠲᠤᠪᠠᠷ ᠰᠠᠶᠢᠲᠤᠷ ᠪᠠᠶᠢᠭᠤᠯᠬᠤ ᠬᠡᠷᠡᠭᠲᠡᠶ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ 12345 ᠬᠠᠯᠠᠮᠰᠢᠯ ᠤᠲᠠᠰᠤ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠡᠯ᠎ᠡ ᠬᠠᠷᠢᠭᠤᠴᠠᠯᠭᠠᠲᠤ ᠨᠢᠭᠡᠴᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠳᠠᠭᠠᠭᠠᠴᠢᠯᠠᠨ ᠭᠦᠢᠴᠡᠳᠭᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠠᠭᠤᠳᠠᠰᠤ ᠭᠥᠯᠢᠶᠡᠨ ᠠᠪᠬᠤ᠂ ᠬᠠᠭᠤᠳᠠᠰᠤ ᠲᠣᠮᠢᠯᠠᠬᠤ᠂ ᠬᠢᠨᠠᠨ ᠬᠠᠷᠭᠤᠭᠤᠯᠬᠤ᠂ ᠨᠠᠶᠢᠳᠠᠪᠤᠷᠢᠵᠢᠭᠤᠯᠬᠤ᠂ ᠬᠠᠷᠢᠭᠤ ᠲᠤᠰᠬᠠᠬᠤ ᠪᠥᠬᠦ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ᠂ ᠦᠢᠯᠡᠴᠢᠯᠡᠭᠡᠨ ᠤ ᠴᠤᠪᠤᠷᠠᠯ ᠢ ᠵᠢᠷᠤᠮᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠰᠠᠭᠤᠳᠠᠯ ᠢ ᠰᠢᠢᠳᠪᠦᠷᠢᠯᠡᠬᠦ ᠶᠢ ᠦᠨᠡᠨ ᠬᠦ ᠠᠬᠢᠭᠤᠯᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠰᠤᠳᠤᠯᠭᠠᠨ ᠢᠶᠠᠨ ᠴᠢᠩᠭᠠᠳᠬᠠᠵᠤ᠂  ᠭᠦᠢᠴᠡᠳᠭᠡᠬᠦ ᠴᠠᠭ ᠤᠨ ᠬᠢᠵᠠᠭᠠᠷ᠂ ᠠᠵᠢᠯ ᠤᠨ ᠬᠠᠭᠤᠳᠠᠰᠤᠨ ᠳᠤ ᠬᠠᠨᠤᠮᠵᠢ ᠥᠬᠡᠶ ᠪᠠᠶᠢᠬᠤ ᠵᠡᠷᠭᠡ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠭᠦᠨᠵᠡᠭᠡᠶ ᠵᠠᠳᠠᠯᠵᠤ᠂ ᠠᠵᠢᠯ ᠤᠨ ᠬᠠᠭᠤᠳᠠᠰᠤ ᠥᠬᠡᠶ ᠪᠠᠶᠢᠬᠤ ᠠᠵᠢᠯ ᠢ ᠣᠯᠠᠨ ᠰᠡᠳᠬᠢᠮᠵᠢ᠂ ᠣᠯᠠᠨ ᠠᠷᠭ᠎ᠠ ᠵᠠᠮ᠂ ᠣᠯᠠᠨ ᠠᠷᠭ᠎ᠠ ᠪᠠᠷ ᠠᠬᠢᠭᠤᠯᠬᠤ ᠬᠡᠷᠡᠭᠲᠡᠶ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠬᠦᠴᠦᠨ ᠢ ᠴᠢᠩᠭ᠎ᠠ ᠳᠣᠭᠢᠷᠠᠭᠤᠯᠤᠨ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠦᠢᠯᠡᠴᠢᠯᠡᠭᠡᠨ ᠤ ᠦᠵᠡᠯ ᠤᠬᠠᠮᠰᠠᠷ ᠢᠶᠠᠷ ᠴᠢᠩᠭ᠎ᠠ ᠠᠵᠢᠯᠲᠠᠨ ᠢ ᠳᠣᠭᠢᠷᠠᠭᠤᠯᠤᠨ ᠬᠠᠯᠠᠮᠰᠢᠯ ᠤᠲᠠᠰᠤ ᠶᠢ ᠳᠠᠭᠠᠭᠠᠨ ᠠᠪᠴᠤ  ᠭᠦᠢᠴᠡᠳᠭᠡᠬᠦ ᠠᠵᠢᠯ ᠢ ᠪᠣᠳᠠᠲᠠᠶ ᠬᠠᠷᠢᠭᠤᠴᠠᠭᠤᠯᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠨ᠂ ᠠᠵᠢᠯ ᠤᠨ ᠬᠤᠭᠤᠰᠣᠨ ᠲᠠᠩᠰᠠ ᠡᠪᠬᠡᠮᠡᠯ ᠢ ᠲᠠᠰᠤ ᠬᠤᠷᠢᠭᠯᠠᠨ᠂ ᠳᠠᠭᠠᠭᠠᠨ ᠠᠪᠴᠤ  ᠭᠦᠢᠴᠡᠳᠭᠡᠬᠦ ᠦᠷ᠎ᠡ ᠪᠦᠲᠦᠮᠵᠢ ᠪᠠ ᠶᠠᠰᠤ ᠴᠢᠨᠠᠷ ᠢ  ᠳᠡᠭᠡᠭᠰᠢᠯᠡᠭᠦᠯᠬᠦ ᠬᠡᠷᠡᠭᠲᠡᠶ᠃ ᠰᠢᠮᠳᠠᠭᠤᠯᠤᠨ ᠵᠢᠯᠣᠭᠤᠳᠴᠤ ᠰᠢᠯᠭᠠᠨ ᠬᠢᠨᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠠᠯᠠᠮᠰᠢᠯ ᠤᠲᠠᠰᠤ ᠶᠢ ᠭᠦᠢᠴᠡᠳᠭᠡᠭᠰᠡᠨ ᠪᠠᠶᠢᠳᠠᠯ ᠢ ᠡᠳᠦᠷ ᠲᠤᠲᠤᠮ ᠤᠨ ᠰᠢᠮᠳᠠᠭᠤᠯᠤᠨ ᠪᠠᠶᠢᠴᠠᠭᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠲᠣᠪᠤᠶᠢᠮ᠎ᠠ ᠠᠰᠠᠭᠤᠳᠠᠯ ᠢ ᠲᠤᠰᠬᠠᠶᠢᠯᠠᠨ ᠰᠢᠮᠳᠠᠭᠤᠯᠤᠨ ᠪᠠᠶᠢᠴᠠᠭᠠᠬᠤ ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ ᠰᠢᠢᠳᠭᠡᠵᠦ᠂ ᠬᠠᠯᠠᠮᠰᠢᠯ ᠤᠲᠠᠰᠤ ᠶᠢᠨ ᠦᠢᠯᠡᠴᠢᠯᠡᠭᠡᠨ ᠤ ᠠᠵᠢᠯᠯᠠᠭᠠᠨ ᠢ ᠵᠢᠷᠤᠮᠵᠢᠭᠤᠯᠬᠤ᠂ ᠴᠠᠭ ᠲᠤᠬᠠᠶ ᠳᠤᠨᠢ ᠭᠦᠢᠴᠡᠳᠭᠡᠬᠦ᠂ ᠦᠷ᠎ᠡ ᠪᠦᠲᠦᠮᠵᠢ ᠶᠢ ᠬᠠᠨᠤᠮᠵᠢᠲᠠᠶ ᠪᠠᠶᠢᠯᠭᠠᠬᠤ ᠶᠢ ᠪᠠᠲᠤᠯᠠᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠭᠡᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ