ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 3 ᠳ᠋ᠤᠭᠠᠷ ᠰᠠᠷ᠎ᠠ ᠶᠢᠨ 18 ᠤ ᠡᠳᠦᠷ᠂ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠲᠡᠯᠡᠭᠰᠡᠨ ᠮᠡᠳᠡᠭᠡ ᠠᠴᠠ ᠦᠵᠡᠪᠡᠯ᠂ ᠥᠪᠥᠷ ᠮᠣᠩᠭᠤᠯ ᠡᠮᠴᠢᠯᠡᠭᠡᠨ ᠤ | ᠦᠢᠯᠡᠴᠢᠯᠡᠭᠡᠨ ᠤ ᠦᠨ᠎ᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠮᠤᠵᠢ ᠣᠷᠣᠨ ᠢᠶᠠᠷ ᠰᠣᠩᠭᠤᠭᠳᠠᠪᠠ᠃ | ᠣᠶᠢᠯᠠᠭᠠᠭᠰᠠᠨ ᠢᠶᠠᠷ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠪᠣᠯ ᠡᠮᠨᠡᠯᠭᠡ ᠶᠢᠨ ᠰᠢᠭᠤᠳ ᠬᠠᠩᠭᠠᠬᠤ ᠡᠮᠴᠢᠯᠡᠭᠡᠨ ᠤ ᠮᠡᠷᠭᠡᠵᠢᠯ ᠤᠨ ᠵᠦᠢᠯᠡᠰ᠂ | ᠲᠥᠬᠦᠭᠡᠷᠦᠮᠵᠢ ᠪᠡᠯᠡᠳᠬᠡᠮᠵᠢ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠮᠥᠨ᠂ ᠲᠤᠬᠠᠶᠢᠯᠠᠪᠠᠯ ᠡᠯ᠎ᠡ ᠵᠦᠢᠯ ᠤᠨ ᠮᠡᠰᠡ ᠵᠠᠰᠠᠯ᠂ | ᠣᠨᠣᠰᠢᠯᠠᠨ ᠪᠠᠶᠢᠴᠠᠭᠠᠯᠲᠠ᠂ ᠪᠠᠶᠢᠴᠠᠭᠠᠨ ᠰᠢᠯᠭᠠᠯᠲᠠ᠂ ᠰᠤᠪᠢᠯᠠᠯᠲᠠ ᠵᠡᠷᠭᠡ ᠡᠮᠴᠢᠯᠡᠭᠡᠨ ᠤ ᠦᠢᠯᠡᠴᠢᠯᠡᠭᠡᠨ ᠤ ᠰᠦᠢᠳᠬᠡᠯ ᠪᠣᠯᠣᠨ᠎ᠠ᠃ ᠲᠤᠰ | ᠤᠳᠠᠭᠠᠨ ᠤ ᠥᠭᠡᠷᠡᠴᠢᠯᠡᠯᠲᠡ ᠨᠢ ᠭᠤᠣᠯᠳᠠᠭᠤ ᠶᠡᠷᠦᠩᠬᠡᠢ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠲᠣᠭᠲᠠᠴᠠ᠂ ᠦᠨ᠎ᠡ ᠶᠢ ᠲᠥᠷᠥᠯ ᠠᠩᠭᠢᠯᠠᠨ | ᠪᠦᠷᠢᠯᠳᠦᠭᠦᠯᠬᠦ ᠲᠣᠭᠲᠠᠴᠠ᠂ ᠦᠨ᠎ᠡ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ᠂ ᠦᠨ᠎ᠡ ᠶᠢᠨ ᠵᠦᠢᠯᠡᠰ ᠤᠨ ᠬᠠᠮᠢᠶᠠᠷᠤᠯᠲᠠ ᠶᠢᠨ ᠲᠣᠭᠲᠠᠴᠠ | ᠪᠠ ᠦᠨ᠎ᠡ ᠶᠢ ᠬᠢᠨᠠᠨ ᠬᠡᠮᠵᠢᠵᠦ ᠰᠢᠯᠭᠠᠬᠤ ᠲᠣᠭᠲᠠᠴᠠ ᠵᠡᠷᠭᠡ 5 ᠲᠠᠯ᠎ᠠ ᠶᠢᠨ ᠲᠣᠭᠤᠷᠢᠨ ᠳᠤ ᠶᠠᠪᠤᠭᠳᠠᠨ᠎ᠠ᠃ ᠡᠭᠦᠨ ᠤ ᠵᠣᠷᠢᠯᠭ᠎ᠠ ᠨᠢ ᠡᠮᠴᠢᠯᠡᠭᠡᠨ ᠤ | ᠦᠢᠯᠡᠴᠢᠯᠡᠭᠡᠨ ᠤ ᠦᠨ᠎ᠡ ᠶᠢᠨ ᠬᠠᠮᠢᠶᠠᠷᠤᠯᠲᠠ ᠶᠢᠨ ᠡᠷᠬᠡ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠶᠢ | ᠲᠣᠭᠲᠠᠭᠠᠬᠤ ᠪᠠ ᠲᠣᠬᠢᠷᠠᠭᠤᠯᠬᠤ ᠳᠦᠷᠢᠮ ᠶᠠᠪᠤᠴᠠ ᠶᠢ ᠲᠡᠭᠦᠯᠳᠡᠷᠵᠢᠭᠦᠯᠬᠦ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠶᠢᠨ ᠬᠠᠮᠢᠶᠠᠷᠤᠯᠲᠠ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠶᠢᠨ ᠬᠠᠮᠢᠶᠠᠷᠤᠯᠲᠠ ᠶᠢᠨ ᠲᠤᠰᠠᠯᠠᠬᠤ ᠲᠣᠭᠲᠠᠯᠴᠠᠭ᠎ᠠ ᠶᠢ | ᠲᠡᠭᠦᠯᠳᠡᠷᠵᠢᠭᠦᠯᠬᠦ ᠳᠤ ᠪᠣᠢ᠃ | ︽ᠥᠭᠡᠷᠡᠴᠢᠯᠡᠯᠲᠡ ᠶᠢᠨ ᠭᠤᠣᠯᠳᠠᠯᠭ᠎ᠠ ᠪᠣᠯ ᠡᠮᠴᠢᠯᠡᠭᠡᠨ ᠤ ᠦᠢᠯᠡᠴᠢᠯᠡᠭᠡᠨ ᠤ ᠦᠨ᠎ᠡ ᠶᠢᠨ ᠰᠢᠨ᠎ᠡ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ | ᠲᠣᠬᠢᠷᠠᠭᠤᠯᠬᠤ ᠡᠰᠡᠬᠦ᠂ ᠬᠡᠳᠦᠢ ᠲᠣᠬᠢᠷᠠᠭᠤᠯᠬᠤ᠂ ᠶᠠᠭᠤ ᠶᠢ ᠲᠣᠬᠢᠷᠠᠭᠤᠯᠬᠤ᠂ ᠬᠡᠷᠬᠢᠨ ᠲᠣᠬᠢᠷᠠᠭᠤᠯᠬᠤ ᠮᠡᠷᠭᠡᠵᠢᠯ ᠤᠨ ᠴᠢᠨᠠᠷᠲᠠᠢ ᠠᠰᠠᠭᠤᠳᠠᠯ ᠤᠳ ᠢ | ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠲᠥᠯᠥᠪᠦᠷᠢ ᠥᠭᠬᠦ ᠲᠣᠭᠲᠠᠴᠠ᠂ ᠱᠠᠲᠤ ᠬᠤᠪᠢᠶᠠᠨ ᠣᠨᠣᠰᠢᠯᠠᠨ ᠡᠮᠴᠢᠯᠡᠬᠦ᠂ ᠡᠮᠴᠢᠯᠡᠭᠡᠨ ᠤ ᠵᠠᠷᠤᠳᠠᠯ ᠢ | ᠬᠢᠵᠠᠭᠠᠷᠯᠠᠬᠤ᠂ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠲᠥᠯᠥᠬᠦ ᠵᠡᠷᠭᠡ ᠰᠢᠰᠲ᠋ᠧᠮ ᠤᠨ ᠠᠰᠠᠭᠤᠳᠠᠯ ᠤᠳ ᠢ ᠠᠬᠢᠭᠤᠯᠬᠤ ᠯᠤᠭ᠎ᠠ ᠨᠢᠭᠡᠳᠦᠯᠲᠡᠢ | ᠲᠥᠯᠥᠪᠯᠡᠵᠦ᠂ ᠶᠡᠷᠦᠩᠬᠡᠶᠢᠯᠡᠭᠰᠡᠨ ᠦᠢᠯᠡᠳᠦᠯ ᠭᠠᠷᠭᠠᠬᠤ ᠶᠠᠪᠤᠳᠠᠯ ᠪᠣᠯᠣᠨ᠎ᠠ᠃︾ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠶᠢᠨ ᠡᠮ ᠡᠮᠨᠡᠯᠭᠡ ᠶᠢᠨ ᠦᠨ᠎ᠡ ᠬᠢᠭᠡᠳ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠭᠠᠵᠠᠷ ᠤᠨ ᠳᠠᠷᠤᠭ᠎ᠠ ᠯᠢ ᠱᠦ ᠵᠧᠨ | ᠢᠯᠡᠷᠬᠡᠶᠢᠯᠡᠭᠰᠡᠨ ᠨᠢ᠂ ᠲᠤᠷᠰᠢᠯᠲᠠ ᠶᠢᠨ ᠠᠵᠢᠯ ᠤᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠲᠤᠷᠰᠢᠯᠲᠠ ᠶᠢᠨ ᠦᠢᠯᠡᠳᠦᠯ ᠢ | ᠦᠨᠡᠨ ᠬᠦ ᠪᠠᠳᠠᠷᠠᠭᠤᠯᠬᠤ ᠪᠠᠷ ᠴᠢᠷᠮᠠᠶᠢᠵᠤ᠂ ᠤᠯᠤᠰ ᠲᠤ ᠡᠮᠴᠢᠯᠡᠭᠡᠨ ᠤ ᠦᠨ᠎ᠡ ᠶᠢᠨ ᠥᠭᠡᠷᠡᠴᠢᠯᠡᠯᠲᠡ ᠶᠢᠨ ᠲᠠᠯ᠎ᠠ ᠪᠠᠷ ᠬᠢ ᠬᠠᠭᠤᠯᠤᠨ | ᠳᠡᠯᠭᠡᠷᠡᠭᠦᠯᠬᠦ᠋ᠢᠴᠡ ᠥᠪᠥᠷ ᠮᠣᠩᠭᠤᠯ ᠤᠨ ᠲᠤᠷᠰᠢᠯᠭ᠎ᠠ ᠶᠢ ᠰᠦᠪᠡᠭᠴᠢᠯᠡᠵᠦ ᠥᠭᠭᠦᠨ᠎ᠡ ᠭᠡᠵᠡᠢ᠃ | |