ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠠᠵᠢᠯ ᠦᠷᠨᠢᠭᠦᠯᠬᠦ ᠶᠢ ᠵᠢᠩᠬᠢᠨᠢ ᠪᠠᠷ ᠡᠬᠢᠯᠡᠭᠦᠯᠪᠡ ᠵᠠᠩ ᠶᠠᠨ ᠺᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/3/21
     3 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠪᠦᠬᠦ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠠᠵᠢᠯ ᠦᠷᠨᠢᠭᠦᠯᠬᠦ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠯᠦᠸᠧ ᡁᠢ ᠬᠤ᠋ ᠡᠬᠢᠯᠡᠯᠲᠡ ᠶᠢᠨ ᠶᠣᠰᠣᠯᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠬᠤᠷᠠᠯ ᠳᠤ ᠣᠷᠣᠯᠴᠠᠵᠠᠢ᠃    ᠬᠤᠷᠠᠯ ᠠᠴᠠ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠠᠵᠢᠯ ᠢ ᠦᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠤᠯᠤᠰ ᠲᠥᠷᠥ ᠶᠢᠨ ᠵᠥᠪᠯᠡᠯᠭᠡᠨ ᠳᠤ ᠲᠤᠰᠢᠶᠠᠭᠰᠠᠨ ᠴᠢᠬᠤᠯᠠ ᠡᠭᠦᠷᠭᠡ ᠪᠣᠯᠣᠨ᠎ᠠ᠃ ᠤᠯᠤᠰ ᠲᠥᠷᠥ ᠶᠢᠨ ᠵᠦᠪᠯᠡᠯᠭᠡᠨ ᠤ ᠭᠡᠰᠢᠭᠦᠳ ᠤᠨ ᠳᠠᠪᠠᠭᠤᠯᠢᠭ ᠦᠢᠯᠡᠳᠦᠯ ᠢ ᠪᠠᠳᠠᠷᠠᠭᠤᠯᠵᠤ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠠᠵᠢᠯ ᠢ ᠦᠷᠨᠢᠭᠦᠯᠬᠦ ᠶᠢᠨ ᠬᠦᠴᠦᠯᠡᠬᠦ ᠭᠤᠣᠯᠳᠠᠯᠭ᠎ᠠ ᠶᠢ ᠣᠨᠣᠪᠴᠢᠲᠠᠢ ᠡᠷᠢᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠳᠤ ᠰᠠᠶᠢᠲᠤᠷ ᠬᠦᠴᠦᠨ ᠨᠡᠮᠡᠷᠢᠯᠡᠵᠦ᠂ ︽ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠡᠭᠦᠷᠭᠡ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠳᠡᠭᠡᠷ᠎ᠡ ᠪᠤᠲᠠᠲᠠᠢ ᠠᠵᠢᠯ ᠤᠨ ᠲᠣᠬᠢᠷᠠᠭᠤᠯᠤᠯᠲᠠ ᠶᠢ ᠤᠩᠰᠢᠨ ᠨᠡᠶᠢᠲᠡᠯᠡᠵᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠲᠥᠯᠦᠭᠡᠯᠡᠭᠴᠢ ᠣᠪᠣᠷ ᠢᠶᠠᠨ ᠢᠯᠡᠳᠬᠡᠬᠦ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ᠂ ᠡᠯ᠎ᠡ ᠲᠤᠰᠬᠠᠢ ᠵᠦᠪᠯᠡᠯ ᠤᠨ ᠬᠠᠷᠢᠭᠤᠴᠠᠯᠭᠠᠲᠠᠨ ᠨᠦᠬᠦᠳ᠂ ᠬᠦᠬᠡᠬᠤᠲᠠ ᠳᠤ ᠰᠠᠭᠤᠭ᠎ᠠ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠦᠬᠡᠬᠤᠲᠠ ᠶᠢᠨ ᠬᠤᠲᠠ ᠪᠠ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠵᠢᠴᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠪᠠ ᠬᠡᠰᠡᠭ ᠤᠯᠤᠰ ᠲᠥᠷᠥ ᠶᠢᠨ ᠵᠦᠪᠯᠡᠯᠭᠡᠨ ᠤ ᠭᠡᠰᠢᠭᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃   
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ