ᠥᠨᠥ ᠵᠢᠯ ᠪᠠᠶᠠᠨᠨᠠᠭᠤᠷ ᠬᠤᠲᠠ 22.48 ᠲᠦᠮᠡᠨ ᠮᠦ ᠡᠯᠡᠰᠦᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠣᠶ
ᠨᠡᠶᠢᠲᠡᠯᠡᠭᠰᠡᠨ ᠴᠠᠭ᠄
2024/3/21
     ᠥᠨᠥ ᠵᠢᠯ᠂ ᠪᠠᠶᠠᠨᠨᠠᠭᠤᠷ ᠬᠤᠲᠠ 22.48 ᠲᠦᠮᠡᠨ ᠮᠦ ᠡᠯᠡᠰᠦᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠂ ᠡᠭᠦᠨ ᠳᠤ᠂ 11.2 ᠲᠦᠮᠡᠨ ᠮᠦ ᠶᠢ ᠰᠠᠯᠬᠢᠨ ᠬᠦᠴᠦᠨ ᠤ ᠴᠠᠬᠢᠯᠭᠠᠨ ᠢᠶᠠᠷ᠂ 11.28 ᠲᠦᠮᠡᠨ ᠮᠦ ᠶᠢ ᠭᠡᠷᠡᠯᠴᠢ ᠴᠡᠨᠡᠭ ᠢᠶᠠᠷ ᠵᠠᠰᠠᠨ᠎ᠠ᠃     ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠪᠠᠶᠠᠨᠨᠠᠭᠤᠷ ᠬᠤᠲᠠ ᠳᠤ 480 ᠲᠦᠮᠡᠨ ᠺᠢᠯᠣᠸᠠᠲ ᠤᠨ ᠨᠢᠭᠡ ᠴᠣᠭᠴᠠᠵᠢᠭᠤᠯᠤᠭᠰᠠᠨ ᠢᠨᠵᠧᠨᠧᠷᠢᠩ ᠤᠨ ᠡᠨᠧᠷᠭᠢ ᠶᠢᠨ ᠭᠦᠢᠴᠡᠳᠬᠡᠯ ᠲᠤᠭ᠎ᠠ ᠬᠤᠪᠢᠶᠠᠷᠢᠯᠠᠨ ᠥᠭᠴᠡᠢ᠂ ᠡᠭᠦᠨ ᠳᠤ᠂ 330 ᠲᠦᠮᠡᠨ ᠺᠢᠯᠣᠸᠠᠲ ᠤᠨ ᠭᠡᠷᠡᠯᠴᠢ ᠴᠡᠨᠡᠭ᠂ 150 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠪᠣᠯᠤᠨ᠎ᠠ᠃ ᠭᠡᠷᠡᠯᠴᠢ ᠴᠡᠨᠡᠭ ᠬᠢᠭᠡᠳ ᠰᠠᠯᠬᠢᠨ ᠬᠦᠴᠦᠨ ᠤ ᠴᠠᠬᠢᠯᠭᠠᠨ ᠤ ᠲᠦᠰᠦᠯ ᠢᠶᠠᠷ ᠲᠣᠰ ᠪᠦᠷᠢ 1200 ᠮᠦ / ᠲᠦᠮᠡᠨ ᠺᠢᠯᠣᠸᠠᠲ ᠪᠠ 2000 ᠮᠦ / ᠲᠦᠮᠡᠨ ᠺᠢᠯᠣᠸᠠᠲ ᠠᠴᠠ ᠳᠡᠭᠡᠭᠰᠢ ᠡᠯᠡᠰᠦᠵᠢᠭᠰᠡᠨ ᠭᠠᠵᠠᠷ ᠰᠢᠷᠣᠢ ᠶᠢ ᠵᠠᠰᠠᠬᠤ ᠱᠠᠭᠠᠷᠳᠠᠯᠭ᠎ᠠ ᠶᠣᠰᠣᠭᠠᠷ ᠪᠣᠯ ᠪᠠᠶᠠᠨᠨᠠᠭᠤᠷ ᠬᠤᠲᠠ ᠨᠡᠶᠢᠲᠡ 69.6 ᠲᠦᠮᠡᠨ ᠮᠦ ᠡᠯᠡᠰᠦᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠬᠦ ᠴᠢᠬᠤᠯᠠᠲᠠᠢ᠂ ᠡᠭᠦᠨ ᠳᠤ 39.6 ᠲᠦᠮᠡᠨ ᠮᠦ ᠶᠢ ᠭᠡᠷᠡᠯᠴᠢ ᠴᠡᠨᠡᠭ ᠢᠶᠠᠷ᠂ 30 ᠲᠦᠮᠡᠨ ᠮᠦ ᠶᠢ ᠰᠠᠯᠬᠢᠨ ᠬᠦᠴᠦᠨ ᠤ ᠴᠠᠬᠢᠯᠭᠠᠨ ᠢᠶᠠᠷ ᠵᠠᠰᠠᠨ᠎ᠠ᠃ ᠥᠨᠥ ᠵᠢᠯ᠂ ᠪᠠᠶᠠᠨᠨᠠᠭᠤᠷ ᠬᠤᠲᠠ ᠨᠢ 150 ᠲᠦᠮᠡᠨ ᠺᠢᠯᠣᠸᠠᠲ ᠤᠨ ᠡᠨᠧᠷᠭᠢ ᠶᠢᠨ ᠭᠦᠢᠴᠡᠳᠬᠡᠯ ᠲᠤᠭ᠎ᠠ ︵ᠡᠭᠦᠨ ᠳᠤ᠂ 94 ᠲᠦᠮᠡᠨ ᠺᠢᠯᠣᠸᠠᠲ ᠭᠡᠷᠡᠯᠴᠢ ᠴᠡᠨᠡᠭ᠂ 56 ᠲᠦᠮᠡᠨ ᠺᠢᠯᠣᠸᠠᠲ ᠰᠠᠯᠬᠢᠨ ᠬᠦᠴᠦᠨ ᠤ ᠴᠠᠬᠢᠯᠭᠠᠨ︶ ᠶᠢ ᠪᠡᠶᠡᠯᠡᠭᠦᠯᠬᠦ ᠪᠠ 22.48 ᠲᠦᠮᠡᠨ ᠮᠦ ᠡᠯᠡᠰᠦᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ︵ᠡᠭᠦᠨ ᠳᠤ᠂ 11.2 ᠲᠦᠮᠡᠨ ᠮᠦ ᠶᠢ ᠰᠠᠯᠬᠢᠨ ᠬᠦᠴᠦᠨ ᠤ ᠴᠠᠬᠢᠯᠭᠠᠨ ᠢᠶᠠᠷ᠂ 11.28 ᠲᠦᠮᠡᠨ ᠮᠦ ᠶᠢ ᠭᠡᠷᠡᠯᠴᠢ ᠴᠡᠨᠡᠭ ᠢᠶᠠᠷ ᠵᠠᠰᠠᠬᠤ︶ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠪᠠᠶᠠᠨᠨᠠᠭᠤᠷ ᠬᠤᠲᠠ ᠨᠢ ᠡᠯᠡᠰᠦᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠂ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠨ ᠵᠠᠰᠠᠬᠤ ᠢᠨᠵᠧᠨᠧᠷᠢᠩ ᠢ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠲᠠᠢ ᠤᠶᠠᠯᠳᠤᠭᠤᠯᠤᠨ᠂ ᠤᠯᠠᠭᠠᠨᠪᠤᠬ᠎ᠠ ᠶᠢᠨ ᠡᠯᠡᠰᠦ ᠪᠠᠷ ᠭᠤᠣᠯ᠂ ᠰᠦᠵᠢ ᠶᠢᠨ ᠡᠯᠡᠰᠦ ᠪᠠᠷ ᠳᠠᠭᠠᠯᠲᠠ ᠪᠣᠯᠭᠠᠨ ᠭᠡᠷᠡᠯᠴᠢ ᠴᠡᠨᠡᠭ ᠤᠨ ᠣᠷᠣᠨ ᠢ ᠪᠠᠶᠢᠷᠢᠰᠢᠭᠤᠯᠵᠤ᠂ ᠤᠷᠠᠳ ᠤᠨ ᠲᠠᠯ᠎ᠠ ᠨᠤᠲᠤᠭ ᠢᠶᠠᠷ ᠭᠤᠣᠯ ᠪᠣᠯᠭᠠᠨ ᠰᠠᠯᠬᠢᠨ ᠬᠦᠴᠦᠨ ᠤ ᠴᠠᠬᠢᠯᠭᠠᠨ ᠤ ᠣᠷᠣᠨ ᠢ ᠪᠠᠶᠢᠷᠢᠰᠢᠭᠤᠯᠵᠤ᠂ ᠪᠠᠶᠠᠨ᠋ᠦ᠌ᠨᠳᠦᠷ ᠡᠯᠡᠰᠦ ᠪᠠᠷ ᠭᠤᠣᠯ᠂ ᠪᠤᠰᠤᠳ ᠣᠷᠣᠨ ᠪᠦᠰᠡ ᠶᠢᠨ ᠬᠡᠰᠡᠭ ᠪᠤᠰᠠᠭ ᠡᠯᠡᠰᠦᠷᠬᠡᠭ ᠭᠠᠵᠠᠷ ᠢᠶᠠᠷ ᠳᠠᠭᠠᠯᠲᠠ ᠪᠣᠯᠭᠠᠨ ᠠᠮᠢ ᠠᠬᠤᠢ ᠶᠢᠨ ᠵᠠᠰᠠᠯᠲᠠ ᠶᠢᠨ ᠣᠷᠣᠨ ᠢ ᠪᠠᠶᠢᠷᠢᠰᠢᠭᠤᠯᠬᠤ ᠪᠠᠷ ᠪᠠᠶᠢᠨ᠎ᠠ᠃   
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ