ᠬᠠᠲᠤᠨ ᠭᠤᠣᠯ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠵᠣᠭᠰᠣᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/3/22
ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠲᠠᠷᠢᠶᠠᠯᠠᠩ ᠮᠠᠯᠵᠢᠯ ᠤᠨ ᠲᠠᠯᠠᠪᠠᠶ᠂ ᠬᠤᠰᠢᠭᠤᠨ ᠤ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄       ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠭᠤᠤᠯ ᠤᠨ ᠵᠠᠮ ᠤᠨ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ︽  ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ︾᠂ ︽  ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽  ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽  ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽  ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ  ᠵᠠᠷᠯᠠᠶ᠎ᠠ᠄       ᠨᠢᠭᠡ᠂ ᠪᠠᠶᠢᠭᠤᠯᠬᠤ ᠪᠠᠨ ᠵᠣᠭᠰᠣᠬᠤ ᠬᠡᠪᠴᠢᠶ᠎ᠡ       ᠬᠠᠳᠤᠨ ᠭᠤᠤᠯ ᠤᠨ ᠤᠷᠠᠳ ᠤᠨ ᠡᠮᠦᠨᠡᠲᠦ ᠬᠤᠰᠢᠭᠤᠨ ᠤ ᠬᠡᠰᠡᠭ ᠤᠨ ᠬᠠᠮᠢᠶᠠᠷᠤᠯᠲᠠ ᠶᠢᠨ ᠬᠡᠪᠴᠢᠶ᠎ᠡ᠃      ᠬᠤᠶᠠᠷ᠂ ᠪᠠᠶᠢᠭᠤᠯᠬᠤ ᠶᠢ ᠵᠣᠭᠰᠣᠭᠠᠬᠤ ᠱᠠᠭᠠᠷᠳᠠᠯᠭ᠎ᠠ       ᠬᠠᠲᠤᠨ ᠭᠤᠤᠯ ᠤᠨ ᠤᠷᠠᠳ ᠤᠨ ᠡᠮᠦᠨᠡᠲᠦ ᠬᠤᠰᠢᠭᠤᠨ ᠤ ᠬᠡᠰᠡᠭ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠲᠠᠷᠢᠶᠠᠨ ᠭᠠᠵᠠᠷ᠂ ᠬᠡᠷ ᠪᠠᠶᠢᠰᠢᠩ ᠵᠢᠴᠢ ᠬᠠᠮᠢᠶ᠎ᠠ ᠪᠥᠬᠦᠶ ᠪᠡᠯᠡᠳᠬᠡᠮᠵᠢ ᠪᠣᠯᠤᠨ ᠨᠡᠭᠦᠵᠦ ᠣᠷᠣᠬᠤ ᠬᠥᠮᠦᠨ ᠠᠮᠠ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠵᠤ᠂ ᠬᠠᠲᠤᠨ ᠭᠤᠤᠯ ᠤᠨ ᠤᠷᠠᠳ ᠤᠨ ᠡᠮᠦᠨᠡᠲᠦ ᠬᠤᠰᠢᠭᠤᠨ ᠤ ᠬᠡᠰᠡᠭ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠨᠢᠭᠡᠨᠲᠡ ᠵᠥᠪᠰᠢᠶᠡᠷᠡᠭᠰᠡᠨ ᠪᠠᠶᠢᠭᠤᠯᠵᠤ ᠪᠠᠶᠢᠭ᠎ᠠ ᠪᠠ ᠪᠠᠶᠢᠭᠤᠯᠤᠭᠠᠳᠤᠶ ᠲᠥᠷᠥᠯ  ᠵᠦᠢᠯ ᠢ ᠴᠥᠮ ᠲᠦᠷ ᠵᠣᠭᠰᠣᠭᠠᠨ᠎ᠠ᠃      ᠭᠤᠷᠪᠠ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ       ᠬᠤᠰᠢᠭᠤᠨ ᠤ ᠠᠵᠢᠯ ᠤᠨ ᠲᠤᠰᠬᠠᠶ ᠠᠩᠭᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠠᠶᠢᠭᠤᠯᠬᠤ ᠶᠢ ᠵᠣᠭᠰᠣᠭᠠᠬᠤ ᠬᠡᠪᠴᠢᠶᠡᠨ ᠳᠠᠬᠢ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ᠂ ᠬᠡᠷ ᠪᠠᠶᠢᠰᠢᠩ ᠵᠢᠴᠢ ᠬᠠᠮᠢᠶ᠎ᠠ ᠪᠥᠬᠦᠶ ᠲᠥᠬᠦᠭᠡᠷᠦᠮᠵᠢ ᠪᠠ ᠨᠡᠭᠦᠵᠦ ᠣᠷᠣᠬᠤ ᠬᠥᠮᠦᠨ ᠠᠮᠠ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠣᠰ ᠵᠠᠷᠯᠠᠯ ᠠᠴᠠ ᠵᠥᠷᠢᠴᠡᠭᠰᠡᠨ ᠢ ᠣᠯᠵᠤ ᠮᠡᠳᠡᠪᠡᠯ᠂ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ ᠦᠵᠡᠵᠦ ᠬᠠᠤᠯᠢ ᠶᠣᠰᠣᠭᠠᠷ   ᠰᠢᠢᠳᠪᠦᠷᠢᠯᠡᠨ ᠶᠠᠯ᠎ᠠ ᠬᠢᠭᠰᠡᠨ ᠰᠡᠵᠢᠭᠯᠡᠯᠲᠡᠶ ᠪᠣᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠤᠰᠢᠭᠤᠨ ᠤ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠠᠲᠤᠨ ᠭᠤᠤᠯ ᠳᠠᠭᠠᠤ ᠶᠢᠨ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠣᠯᠠᠨ ᠵᠦᠢᠯ ᠤᠨ ᠬᠡᠯᠪᠡᠷᠢ ᠪᠠᠷ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠭᠦᠨᠵᠡᠭᠡᠶ ᠥᠷᠨᠢᠭᠦᠯᠬᠦ ᠬᠡᠷᠡᠭᠲᠡᠶ᠃      ᠳᠥᠷᠪᠡ᠂ ᠨᠡᠶᠢᠭᠡᠮ ᠤᠨ ᠬᠢᠨᠠᠯᠲᠠ ᠲᠠᠯᠪᠢᠯᠲᠠ       ᠨᠡᠶᠢᠭᠡᠮ ᠤᠨ ᠡᠯ᠎ᠡ ᠡᠲᠡᠭᠡᠳ ᠤᠨ ᠬᠢᠨ ᠤ ᠳᠡᠭᠡᠷᠡᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠬᠦᠯᠢᠶᠡᠨ ᠠᠪᠴᠤ ᠰᠢᠢᠳᠪᠦᠷᠢᠯᠡᠬᠦ ᠨᠢᠭᠡᠴᠡ ᠨᠢ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠤᠭᠰᠠᠨ ᠤ ᠳᠠᠷᠠᠭ᠎ᠠ ᠳᠠᠷᠤᠶ ᠲᠦᠷᠭᠡᠨ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠢᠯᠡᠴᠢᠯᠡᠨ ᠮᠡᠳᠡᠭᠦᠯᠦᠭᠰᠡᠨ ᠬᠥᠮᠦᠨ ᠤ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠶ᠃      ᠢᠯᠡᠴᠢᠯᠡᠨ ᠮᠡᠳᠡᠭᠦᠯᠬᠦ ᠤᠲᠠᠰᠤ᠄ 04783266973᠃     ᠲᠠᠪᠤ᠂ ᠲᠤᠰ ᠮᠡᠳᠡᠭᠳᠡᠯ ᠢ ᠲᠤᠰ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃     ᠡᠭᠦᠨ ᠤ ᠲᠤᠯᠠ ᠣᠨᠴᠠᠭᠠᠶᠢᠯᠠᠨ ᠮᠡᠳᠡᠭᠳᠡᠪᠡ                                                          ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                               2024 ᠣᠨ ᠤ 3 ᠰᠠᠷ᠎ᠠ ᠶᠢᠨ 11 ᠤ ᠡᠳᠦᠷ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ