ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 21 ᠤ ᠴᠠᠭᠢᠯᠭᠠᠨ ᠮᠡᠳᠡᠭᠡ 3 ᠰᠠᠷ᠎ᠠ ᠶᠢᠨ 20 ᠤ ᠡᠳᠦᠷ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠫᠦᠷᠠᠪᠤᠸᠣ᠋ · ᠰᠦᠪᠢᠶᠠᠨᠳᠦ᠋ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠢᠨᠳᠤᠨᠧᠰᠢᠶ᠎ᠠ ᠤᠯᠤᠰ ᠤᠨ | ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠢᠨᠳᠤᠨᠧᠰᠢᠶ᠎ᠠ ᠪᠣᠯ ᠤᠯᠠᠮᠵᠢᠯᠠᠯᠲᠤ ᠨᠥᠭᠦᠷᠰᠡᠭ ᠬᠥᠷᠰᠢ ᠤᠯᠤᠰ ᠮᠥᠨ᠃ ᠬᠤᠶᠠᠷ ᠲᠠᠯ᠎ᠠ ᠶᠢᠨ | ᠬᠠᠮᠲᠤ ᠶᠢᠨ ᠴᠢᠷᠮᠠᠶᠢᠯᠭ᠎ᠠ ᠪᠠᠷ᠂ ᠬᠤᠶᠠᠷ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠲᠦᠷᠭᠡᠨ ᠤ ᠵᠠᠮ ᠳᠤ ᠣᠷᠣᠵᠤ᠂ ᠤᠯᠤᠰ ᠲᠦᠷᠦ ᠶᠢᠨ | ᠢᠲᠡᠭᠡᠯᠴᠡᠭᠡ ᠡᠳᠦᠷ ᠢᠷᠡᠬᠦᠶ᠎ᠡ ᠪᠠᠬᠢᠵᠢᠵᠦ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠲᠠᠰᠤᠷᠠᠯᠳᠠ ᠦᠭᠡᠢ ᠭᠦᠨᠵᠡᠭᠡᠶᠢᠷᠡᠵᠦ᠂ | ᠬᠠᠷᠢᠯᠴᠠᠨ ᠠᠰᠢᠭᠲᠠᠢ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠬᠤᠶᠠᠷ ᠲᠠᠯ᠎ᠠ ᠪᠠᠷ ᠢᠶᠠᠨ ᠳᠤᠮᠳᠠᠳᠤ ᠢᠨᠳᠤᠨᠧᠰᠢᠶ᠎ᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠰᠢᠨ᠎ᠡ ᠬᠠᠭᠤᠳᠠᠰᠤ ᠶᠢ ᠨᠡᠭᠡᠭᠡᠪᠡ᠃ ᠪᠢ ᠳᠤᠮᠳᠠᠳᠤ ᠢᠨᠳᠤᠨᠧᠰᠢᠶ᠎ᠠ ᠶᠢᠨ ᠬᠠᠷᠢᠯᠴᠠᠭᠠᠨ ᠤ | ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠫᠦᠷᠠᠪᠤᠸᠣ᠋ ᠲᠠᠢ ᠬᠠᠮᠲᠤ ᠪᠠᠷ ᠴᠢᠷᠮᠠᠶᠢᠵᠤ᠂ ᠬᠤᠶᠠᠷ | ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠶᠡᠭᠡ ᠦᠷ᠎ᠡ ᠪᠦᠲᠦᠭᠡᠯ ᠣᠯᠬᠤ ᠶᠢ ᠬᠥᠲᠥᠯᠥᠨ ᠳᠠᠭᠠᠭᠤᠯᠵᠤ᠂ | ᠬᠥᠭᠵᠢᠵᠦ ᠪᠠᠶᠢᠭ᠎ᠠ ᠲᠣᠮᠣ ᠤᠯᠤᠰ ᠬᠤᠭᠤᠷᠣᠨᠳᠤ ᠪᠠᠨ ᠬᠤᠪᠢ ᠵᠠᠶᠠᠭ᠎ᠠ ᠪᠠᠨ ᠬᠠᠮᠲᠤᠳᠬᠠᠭᠰᠠᠨ᠂ ᠪᠦᠯᠬᠦᠮᠳᠡᠨ ᠬᠠᠮᠵᠢᠯᠴᠠᠭᠰᠠᠨ᠂ ᠬᠥᠭᠵᠢᠯᠲᠡ ᠶᠢ | ᠬᠠᠮᠲᠤ ᠪᠠᠷ ᠰᠦᠪᠡᠭᠴᠢᠯᠡᠭᠰᠡᠨ ᠬᠡᠪ ᠳᠠᠭᠤᠷᠢᠶᠠᠯ ᠢ ᠪᠤᠢ ᠪᠤᠯᠭᠠᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ᠂ | ᠭᠠᠵᠠᠷ ᠣᠷᠣᠨ ᠪᠣᠯᠣᠨ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠲᠣᠭᠲᠠᠭᠤᠨ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ | ᠪᠠᠶᠢᠨ᠎ᠠ ᠭᠡᠵᠦ ᠵᠢᠭᠠᠵᠤ ᠭᠠᠷᠭᠠᠪᠠ᠃ | |