ᠸᠠᠩ ᡁᠢ ᠫᠢᠩ ᠤᠷᠠᠳ ᠤᠨ ᠡᠮᠦᠨᠡᠲᠦ ᠬᠤᠰᠢᠭᠤᠨ ᠳᠤ ᠬᠦᠷᠴᠦ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/25
     3 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᡁᠢ ᠫᠢᠩ ᠤᠷᠠᠳ ᠤᠨ ᠡᠮᠦᠨᠡᠲᠦ ᠬᠤᠰᠢᠭᠤᠨ ᠳᠤ ᠬᠦᠷᠴᠦ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ 

防沙治沙一体化1.webp.jpg

     ᠤᠷᠠᠳ ᠤᠨ ᠡᠮᠦᠨᠡᠲᠦ ᠬᠤᠰᠢᠭᠤᠨ ᠤ ᠡᠷᠳᠡᠨᠢᠪᠤᠯᠠᠭ ᠰᠤᠮᠤ ᠳᠤ᠂ ᠸᠠᠩ ᡁᠢ ᠫᠢᠩ ᠪᠠᠶᠠᠨᠨᠠᠭᠤᠷ ᠤᠨ 100 ᠲᠦᠮᠡᠨ ᠬᠢᠯᠦᠸᠠᠲ ᠬᠡᠷᠡᠯ ᠨᠥᠭᠡᠴᠡ

+ ᠠᠮᠢ ᠠᠬᠤᠶ ᠶᠢᠨ ᠵᠠᠰᠠᠯᠲᠠ ᠶᠢᠨ ᠲᠥᠷᠥᠯ ᠵᠦᠢᠯ ᠤᠨ ᠤᠷᠠᠳ ᠤᠨ ᠡᠮᠦᠨᠡᠲᠦ ᠬᠤᠰᠢᠭᠤᠨ ᠤ 15 ᠲᠦᠮᠡᠨ ᠬᠢᠯᠦᠸᠠᠲ ᠤᠨ ᠲᠥᠷᠥᠯ ᠵᠦᠢᠯ᠂

ᠤᠷᠠᠳ ᠤᠨ ᠡᠮᠦᠨᠡᠲᠦ ᠬᠤᠰᠢᠭᠤᠨ ᠤ  ᠰᠦᠵᠢ ᠶᠢᠨ ᠡᠯᠡᠰᠦᠷᠬᠡᠭ ᠭᠠᠵᠠᠷ ᠤᠨ 200 ᠲᠦᠮᠡᠨ ᠬᠢᠯᠦᠸᠠᠲ ᠤᠨ ᠬᠡᠷᠡᠯ ᠴᠡᠨᠡᠭ ᠢᠶᠠᠷ ᠡᠯᠡᠰᠦ ᠵᠠᠰᠠᠬᠤ

ᠰᠠᠭᠤᠷᠢᠨ ᠤ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠤᠷᠠᠳ ᠤᠨ ᠡᠮᠦᠨᠡᠲᠦ ᠬᠤᠰᠢᠭᠤᠨ ᠤ  ᠰᠦᠵᠢ ᠶᠢᠨ ᠡᠯᠡᠰᠦᠷᠬᠡᠭ

ᠭᠠᠵᠠᠷ ᠤᠨ 30 ᠲᠦᠮᠡᠨ ᠬᠢᠯᠦᠸᠠᠲ ᠤᠨ ᠬᠡᠷᠡᠯ ᠴᠡᠨᠡᠭ ᠤᠨ ᠲᠥᠷᠥᠯ ᠵᠦᠢᠯ ᠤᠨ ᠭᠠᠵᠠᠷ ᠰᠣᠩᠭᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ

ᠪᠠᠶᠢᠴᠠᠭᠠᠨ ᠰᠤᠳᠤᠯᠵᠤ᠂ ᠬᠤᠯᠪᠣᠭᠳᠠᠯ ᠪᠥᠬᠦᠶ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂

ᠢᠨᠵᠧᠨᠧᠷᠢᠩ ᠢ ᠬᠡᠷᠡᠭᠵᠢᠭᠦᠯᠬᠦ ᠶᠠᠪᠤᠴᠠ ᠳᠠᠬᠢ ᠬᠦᠴᠢᠷ ᠠᠰᠠᠭᠤᠳᠠᠯ ᠢ ᠲᠤᠬᠠᠶ ᠶᠢᠨ ᠲᠠᠯᠠᠪᠠᠶ ᠳᠤ ᠰᠤᠳᠤᠯᠤᠨ  ᠰᠢᠢᠳᠪᠦᠷᠢᠯᠡᠪᠡ᠃

    ᠸᠠᠩ ᡁᠢ ᠫᠢᠩ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ

ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ︽

ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂

ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠤᠨ

ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠣᠰ ᠭᠠᠵᠠᠷ ᠤᠨ ᠣᠨᠴᠠᠯᠢᠭ ᠢᠶᠠᠨ

ᠳᠣᠪᠤᠶᠢᠯᠭᠠᠵᠤ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠠᠵᠤ ᠦᠢᠯᠡᠰ ᠢ ᠡᠯᠡᠰᠦᠨ ᠤ ᠠᠮᠢ ᠠᠬᠤᠶ ᠶᠢᠨ ᠵᠠᠰᠠᠯᠲᠠ᠂ ᠠᠭᠤᠷᠬᠠᠶ ᠮᠠᠯᠲᠠᠬᠤ ᠣᠷᠣᠨ ᠤ

ᠠᠮᠢ ᠠᠬᠤᠶ ᠶᠢᠨ ᠵᠠᠰᠠᠯᠲᠠ ᠲᠠᠢ ᠭᠦᠨᠵᠡᠭᠡᠶ ᠠᠭᠤᠰᠤᠯᠴᠠᠭᠤᠯᠵᠤ᠂ ᠲᠠᠩ ᠴᠤᠯᠭᠤᠶ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠠᠴᠠ ᠰᠢᠰᠲ᠋ᠧᠮ

 ᠲᠠᠢ ᠠᠮᠢ ᠠᠬᠤᠶ ᠶᠢᠨ ᠵᠠᠰᠠᠯᠲᠠ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠤᠪᠢᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠡᠯ᠎ᠡ

ᠬᠠᠮᠢᠶ᠎ᠠ ᠪᠥᠬᠦᠶ ᠨᠢᠭᠡᠴᠢ ᠶᠢᠨ ᠬᠢᠨ ᠵᠠᠩᠭᠢᠯᠠᠭ᠎ᠠ ᠶᠢᠨ ᠴᠡᠭ ᠶᠣᠰᠣᠭᠠᠷ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠬᠠᠳᠠᠭᠠᠰᠤ

ᠬᠠᠳᠠᠬᠤ ᠵᠣᠷᠢᠭ ᠰᠠᠨᠠᠭ᠎ᠠ ᠪᠠᠷ ᠡᠷᠴᠢ ᠵᠣᠷᠢᠭ ᠢᠶᠠᠨ ᠬᠥᠪᠴᠢᠯᠡᠨ᠂ ᠠᠬᠢᠴᠠ ᠶᠢ ᠬᠥᠭᠡᠭᠡᠵᠦ᠂ ᠶᠠᠰᠤ ᠴᠢᠨᠠᠷ ᠢ ᠠᠳᠬᠤᠨ᠂ ᠠᠮᠤᠷ ᠲᠦᠪᠰᠢᠨ ᠢ

ᠪᠠᠲᠤᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ

ᠬᠡᠷᠡᠭᠲᠡᠶ  ᠭᠡᠪᠡ᠃

   

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ