ᠮᠠᠨ ᠤ ᠣᠷᠣᠨ ᠤ ᠴᠢᠬᠤᠯᠠ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠬᠤ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/3/25
    ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠠᠴᠠ ᠣᠶᠢᠯᠠᠭᠠᠭᠰᠠᠨ ᠢᠶᠠᠷ᠂ ᠮᠠᠨ ᠤ ᠣᠷᠣᠨ 2023 ᠣᠨ ᠳᠤ ᠴᠢᠬᠤᠯᠠ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠨ ᠬᠤᠷᠢᠶᠠᠨ ᠴᠤᠭᠯᠠᠭᠤᠯᠬᠤ ᠲᠦᠰᠦᠯ ᠢ ᠡᠬᠢᠯᠡᠨ ᠬᠡᠷᠡᠭᠵᠢᠭᠦᠯᠦᠭᠰᠡᠨ ᠠᠴᠠ ᠨᠠᠭᠠᠰᠢ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ ᠵᠡᠷᠭᠡ 4 ᠠᠶᠢᠮᠠᠭ ᠬᠤᠲᠠ ᠶᠢᠨ ᠬᠡᠭᠡᠷ᠎ᠡ ᠶᠢᠨ ᠨᠡᠶᠢᠳᠡᠮ ᠪᠠᠶᠢᠴᠠᠭᠠᠯᠲᠠ ᠪᠠ ᠡᠬᠢ ᠪᠠᠶᠠᠯᠢᠭ ᠢ ᠬᠤᠷᠢᠶᠠᠨ ᠴᠤᠭᠯᠠᠭᠤᠯᠬᠤ ᠡᠭᠦᠷᠭᠡ ᠪᠠᠨ ᠨᠢᠭᠡᠨᠲᠡ ᠪᠡᠶᠡᠯᠡᠭᠦᠯᠦᠭᠰᠡᠨ ᠪᠠᠶᠢᠨ᠎ᠠ᠃ ᠬᠢᠶᠠᠭ᠂ ᠶᠦᠷᠬᠦᠭ᠂ ᠶᠠᠪᠠᠭᠠᠨ ᠬᠢᠶᠠᠭ᠂ ᠴᠢᠷᠭᠡᠯᠵᠢ᠂ ᠰᠢᠪᠧᠷᠢᠶ᠎ᠠ ᠶᠠᠪᠠᠭᠠᠨ ᠬᠢᠶᠠᠭ ᠢ ᠪᠠᠭᠲᠠᠭᠠᠭᠰᠠᠨ ᠴᠢᠬᠤᠯᠠ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠨᠡᠶᠢᠳᠡ 950 ᠬᠤᠪᠢ ᠴᠤᠭᠯᠠᠭᠤᠯᠬᠤ ᠶᠢᠨ ᠬᠠᠮᠲᠤ ᠬᠢᠨᠠᠨ ᠲᠣᠭᠲᠠᠭᠠᠵᠤ ᠦᠨᠡᠯᠡᠬᠦ ᠪᠠ ᠳᠠᠩᠰᠠᠯᠠᠵᠤ ᠬᠥᠮᠦᠷᠭᠡᠯᠡᠬᠦ ᠠᠵᠢᠯ ᠤᠳ ᠢᠶᠠᠨ ᠨᠢᠭᠡᠨᠲᠡ ᠠᠯᠬᠤᠮ ᠠᠯᠬᠤᠮ ᠢᠶᠠᠷ ᠥᠷᠨᠢᠭᠦᠯᠵᠡᠢ᠃    ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠪᠠ ᠴᠤᠭᠯᠠᠭᠤᠯᠤᠯᠲᠠ ᠪᠣᠯ ᠥᠪᠥᠷ ᠮᠣᠩᠭᠤᠯ ᠤᠨ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠲᠠᠷᠬᠠᠯᠲᠠ ᠶᠢᠨ ᠪᠠᠶᠢᠳᠠᠯ᠂ ᠡᠪᠡᠰᠦᠨ ᠤ ᠪᠦᠯᠦᠭᠯᠡᠯ ᠤᠨ ᠲᠥᠷᠥᠯ᠂ ᠤᠷᠭᠤᠬᠤ ᠣᠷᠴᠢᠨ ᠨᠥᠭᠦᠴᠡᠯ᠂ ᠤᠷᠭᠤᠯᠲᠠ ᠶᠢᠨ ᠪᠠᠶᠢᠳᠠᠯ᠂ ᠬᠠᠳᠠᠭᠠᠯᠠᠯᠲᠠ ᠶᠢᠨ ᠪᠠᠶᠢᠳᠠᠯ᠂ ᠣᠷᠴᠢᠨ ᠨᠥᠭᠦᠴᠡᠯ ᠤᠨ ᠨᠥᠯᠥᠭᠡᠯᠡᠯ ᠵᠡᠷᠭᠡ ᠲᠠᠯ᠎ᠠ ᠨᠤᠭᠤᠳ ᠲᠤ ᠬᠢᠭᠰᠡᠨ ᠨᠢᠭᠡ ᠤᠳᠠᠭᠠᠨ ᠤ ᠪᠥᠬᠦ ᠲᠠᠯ᠎ᠠ ᠶᠢᠨ ᠪᠠᠶᠢᠴᠠᠭᠠᠯᠲᠠ ᠮᠥᠨ᠂ ᠲᠡᠷᠡ ᠨᠢ ᠬᠡᠭᠡᠷ᠎ᠡ ᠶᠢᠨ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠠᠮᠤᠷ ᠲᠦᠪᠰᠢᠨ ᠢᠶᠠᠷ ᠬᠠᠳᠠᠭᠠᠯᠠᠬᠤ ᠪᠠ ᠵᠦᠢ ᠵᠣᠬᠢᠰᠲᠠᠢ ᠠᠰᠢᠭᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠤᠰ ᠠᠵᠢᠯ ᠨᠢ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠡᠷᠬᠡ ᠶᠢ ᠰᠢᠢᠳᠪᠦᠷᠢᠯᠡᠬᠦ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠪᠣᠯᠣᠨ᠎ᠠ᠃   
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ