ᠸᠠᠩ ᠵᠢᠶᠦ᠋ᠨ ᠵᠢᠶᠧ ᠪᠥᠬᠦ ᠬᠤᠰᠢᠭᠤᠨ ᠤ ᠪᠣᠭᠤᠳᠠᠶ ᠳᠠᠷᠢᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/26
      3 ᠰᠠᠷ᠎ᠠ ᠶᠢᠨ 25 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠬᠡᠰᠡᠭ ᠰᠤᠮᠤ ᠪᠠᠯᠭᠠᠰᠤᠨ ᠤ ᠪᠣᠭᠤᠳᠠᠶ ᠳᠠᠷᠢᠬᠤ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃     ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠪᠢᠶᠠᠨ ᠴᠢᠶᠣᠤ ᠬᠤᠩ ᠵᠢᠴᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ      ᠸᠠᠩ ᠵᠢᠶᠦ᠋ᠨ ᠵᠢᠶᠧ ᠨᠡᠷ ᠤᠷᠢᠳ ᠬᠤᠵᠢᠳ ᠪᠠᠷᠠᠭᠤᠨ ᠪᠠᠭ᠎ᠠ ᠵᠣᠣ ᠪᠠᠯᠭᠠᠰᠤᠨ ᠤ ᠰᠢ ᠵᠢᠤᠢ ᠽᠢ ᠲᠣᠰᠬᠤᠨ᠂  ᠨᠠᠢᠮᠠᠲᠠᠢ ᠲᠣᠰᠬᠤᠨ ᠪᠣᠯᠤᠨ ᠰᠢᠨ ᠠᠨ ᠪᠠᠯᠭᠠᠰᠤᠨ ᠤ ᠴᠢᠩ ᠬᠤᠸᠠ ᠲᠣᠰᠬᠤᠨ ᠳᠤ ᠭᠦᠨᠵᠡᠭᠡᠶᠢᠷᠡᠵᠦ᠂  ᠲᠤᠰ ᠭᠠᠵᠠᠷ ᠤᠨ ᠪᠣᠭᠤᠳᠠᠶ ᠶᠢᠨ ᠲᠠᠷᠢᠮᠠᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠬᠠᠮᠢᠶ᠎ᠠ ᠪᠥᠬᠦᠶ ᠬᠥᠮᠦᠰ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠪᠣᠭᠤᠳᠠᠶ ᠳᠠᠷᠢᠬᠤ᠂ ᠬᠠᠮᠢᠶᠠᠷᠬᠤ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠠᠰᠠᠭᠤᠪᠠ᠃ ᠸᠠᠩ ᠵᠢᠶᠦ᠋ᠨ ᠵᠢᠶᠧ ᠬᠡᠯᠡᠬᠦ ᠳᠡᠭᠡᠨ᠂ ᠪᠣᠭᠤᠳᠠᠶ ᠨᠢ ᠮᠠᠨ ᠤ ᠤᠯᠤᠰ ᠤᠨ ᠭᠤᠤᠯ ᠠᠮᠤ ᠪᠤᠳᠠᠭᠠᠨ ᠤ ᠲᠠᠷᠢᠮᠠᠯ ᠤᠨ ᠨᠢᠭᠡ ᠪᠣᠯᠤᠭᠰᠠᠨ ᠤ ᠬᠤᠪᠢ ᠳᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠠ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠪᠣᠭᠤᠳᠠᠶ ᠶᠢᠨ ᠠᠵᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠯᠢᠳᠡᠭ ᠡᠭᠦᠯᠳᠡᠷ ᠢ ᠢᠳᠡᠪᠬᠢᠲᠡᠶ ᠳᠡᠯᠭᠡᠷᠡᠭᠦᠯᠵᠦ᠂ ᠪᠣᠭᠤᠳᠠᠶ ᠶᠢᠨ ᠶᠠᠰᠤ ᠴᠢᠨᠠᠷ ᠪᠠ ᠤᠨᠠᠯᠲᠠ ᠶᠢ ᠳᠡᠭᠡᠭᠰᠢᠯᠡᠭᠦᠯᠵᠦ᠂ ᠲᠠᠷᠢᠶᠠᠴᠢᠳ ᠤᠨ ᠲᠠᠷᠢᠮᠠᠯ ᠤᠨ ᠦᠷ᠎ᠡ ᠠᠰᠢᠭ ᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃      ᠸᠠᠩ ᠵᠢᠶᠦ᠋ᠨ ᠵᠢᠶᠧ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠶᠡᠭᠡ ᠲᠠᠯ᠎ᠠ ᠶᠢᠨ ᠲᠣᠭᠤᠷᠢᠨ ᠳᠤ᠂ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠠᠩ ᠰᠠᠶᠢᠨ  ᠦᠢᠯᠡᠴᠢᠯᠡᠭᠡ ᠪᠠ ᠵᠢᠯᠣᠭᠤᠳᠣᠯᠭ᠎ᠠ ᠬᠠᠩᠭᠠᠵᠤ᠂ ᠪᠣᠭᠤᠳᠠᠶ ᠶᠢᠨ ᠠᠵᠤ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠡᠭᠦᠨ ᠤ ᠬᠠᠮᠲᠤ᠂ ᠠᠵᠢᠯ ᠤᠨ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠣᠭᠤᠳᠠᠶ ᠶᠢᠨ ᠠᠵᠤ ᠦᠢᠯᠡᠰ ᠤᠨ ᠬᠥᠭᠵᠢᠯᠲᠡ ᠳᠤ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃     ᠸᠠᠩ ᠵᠢᠶᠦ᠋ᠨ ᠵᠢᠶᠧ ᠪᠠᠰᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠡᠵᠡᠩᠨᠡᠯᠲᠡ ᠵᠢᠴᠢ ᠬᠠᠪᠤᠷ ᠤᠨ ᠤᠰᠤᠯᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠵᠡᠷᠭᠡ ᠳᠤ ᠪᠠᠶᠢᠴᠠᠭᠠᠨ ᠰᠤᠳᠤᠯᠤᠯᠲᠠ ᠬᠢᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ