ᠵᠠᠷᠯᠠᠯ
ᠨᠡᠶᠢᠲᠡᠯᠡᠭᠰᠡᠨ ᠴᠠᠭ᠄
2024/3/26
      ᠳᠡᠭᠡᠳᠦ ᠱᠠᠲᠤᠨ ᠤ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠣᠶᠢᠷ᠎ᠠ ᠶᠢᠨ ᠬᠤᠭᠤᠴᠠᠭᠠᠨ ᠳᠤ ᠪᠥᠬᠦ ᠬᠤᠰᠢᠭᠤᠨ ᠤ ᠬᠡᠪᠴᠢᠶᠡᠨ ᠳᠠᠬᠢ ᠨᠤᠲᠤᠭ ᠪᠡᠯᠴᠢᠭᠡᠷ  ᠤᠨ ᠬᠤᠯᠤᠭᠠᠨ᠎ᠠ ᠶᠢᠨ ᠬᠦᠨᠦᠭᠡᠯ ᠡᠭᠦᠰᠦᠭᠰᠡᠨ ᠣᠷᠣᠨ ᠳᠤ  ᠬᠤᠣᠷᠲᠤ ᠦᠭᠶᠦᠭᠡ ᠪᠠᠷ ᠬᠤᠯᠤᠭᠠᠨ᠎ᠠ ᠶᠢ ᠤᠰᠠᠳᠬᠠᠬᠤ ᠠᠵᠢᠯ ᠢ ᠥᠷᠨᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠰᠡᠷᠭᠡᠶᠢᠯᠡᠨ ᠵᠠᠰᠠᠬᠤ ᠴᠠᠭ᠄ 2024 ᠣᠨ ᠤ 3 ᠰᠠᠷ᠎ᠠ ᠶᠢᠨ 19 ᠤ ᠡᠳᠦᠷ ᠠᠴᠠ 4 ᠰᠠᠷ᠎ᠠ ᠶᠢᠨ 10 ᠤ ᠡᠳᠦᠷ ᠪᠣᠯᠲᠠᠯ᠎ᠠ     ᠬᠤᠶᠠᠷ᠂ ᠡᠮ ᠤᠨ ᠨᠡᠷᠡᠶᠢᠳᠦᠯ᠄ ᠠᠮᠢᠳᠤ ᠪᠣᠳᠠᠰ ᠤᠨ ᠨᠠᠶᠢᠷᠠᠯᠭ᠎ᠠ c ᠬᠡᠯᠪᠡᠷᠢ ᠶᠢᠨ ᠮᠢᠬᠠᠯᠢᠭ ᠬᠤᠣᠷᠠᠲᠤ ᠡᠳ᠋ ᠲᠠᠢ ᠬᠤᠯᠢᠭᠰᠠᠨ ᠪᠤᠭᠤᠳᠠᠢ     ᠭᠤᠷᠪᠠ᠂ ᠡᠮ ᠲᠠᠯᠪᠢᠬᠤ ᠭᠠᠵᠠᠷ᠄ ᠡᠷᠳᠡᠨᠢᠪᠤᠯᠠᠭ ᠰᠤᠮᠤᠨ ᠤ ᠠᠷᠴᠠ ᠭᠠᠴᠠᠭ᠎ᠠ᠂ ᠪᠠᠶᠠᠨᠬᠤᠸᠠ ᠭᠠᠴᠠᠭ᠎ᠠ᠂ ᠰᠠᠭᠠᠳᠠᠭ ᠰᠤᠮᠤ ᠶᠢᠨ ᠬᠠᠶᠢᠯᠠᠰᠤᠲᠠᠢ  ᠭᠠᠴᠠᠭ᠎ᠠ᠂  ᠬᠦᠬᠡᠨ᠋ᠦ᠋ᠨᠳᠦᠷ ᠭᠠᠴᠠᠭ᠎ᠠ᠂ ᠪᠠᠬᠢᠲᠢ ᠭᠠᠴᠠᠭ᠎ᠠ ᠶᠢᠨ ᠬᠡᠪᠴᠢᠶᠠᠨ ᠳᠠᠬᠢ ᠬᠤᠯᠤᠭᠠᠨ᠎ᠠ ᠶᠢᠨ ᠬᠥᠨᠥᠭᠡᠯ ᠡᠭᠦᠰᠦᠭᠰᠡᠨ ᠨᠤᠲᠤᠭ ᠪᠡᠯᠴᠢᠭᠡᠷ ᠲᠤ᠃      ᠳᠥᠷᠪᠡ᠂ ᠥᠷᠭᠡᠨ ᠣᠯᠠᠨ ᠮᠠᠯᠴᠢᠨ ᠲᠠᠷᠢᠶᠠᠴᠢᠨ ᠵᠢᠴᠢ ᠮᠠᠯ ᠤᠨ ᠠᠮᠤᠷ ᠲᠦᠪᠰᠢᠨ ᠢ  ᠪᠠᠲᠤᠯᠠᠬᠤ ᠶᠢᠨ ᠲᠤᠰᠠᠳᠠ᠂ ᠰᠡᠷᠭᠡᠶᠢᠯᠡᠨ ᠵᠠᠰᠠᠬᠤ ᠬᠤᠭᠤᠴᠠᠭᠠᠨ ᠳᠤ ᠳᠣᠤᠷᠠᠬᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠄    1. ᠬᠤᠣᠷᠲᠤ ᠦᠭᠶᠦᠭᠡ ᠲᠠᠯᠪᠢᠭᠰᠠᠨ 20 ᠡᠳᠦᠷ ᠤᠨ ᠳᠣᠲᠣᠷ᠎ᠠ᠂  ᠡᠮ ᠲᠠᠯᠪᠢᠭᠰᠠᠨ ᠣᠷᠣᠨ ᠳᠤ ᠮᠠᠯ ᠬᠠᠷᠢᠭᠤᠯᠬᠤ ᠶᠢ ᠴᠢᠩᠭ᠎ᠠ  ᠴᠠᠭᠠᠵᠠᠯᠠᠵᠤ᠂ ᠬᠥᠮᠥᠨ ᠮᠠᠯ ᠤᠨ ᠬᠤᠣᠷᠳᠠᠯᠭ᠎ᠠ ᠶᠢᠨ ᠬᠡᠷᠡᠭ ᠭᠠᠷᠬᠤ ᠠᠴᠠ  ᠰᠡᠷᠬᠡᠶᠢᠯᠡᠬᠦ ᠬᠡᠷᠡᠭᠲᠡᠢ᠃    2. ᠬᠤᠯᠪᠣᠭᠳᠠᠯ ᠪᠦᠬᠦᠢ ᠰᠤᠮᠤ ᠪᠠᠯᠭᠠᠰᠤ᠂ ᠭᠠᠴᠠᠭ᠎ᠠ ᠲᠣᠰᠬᠤᠨ ᠤ ᠬᠢᠨ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠢ ᠳᠠᠶᠢᠴᠢᠯᠠᠨ ᠬᠤᠯᠤᠭᠠᠨ᠎ᠠ ᠤᠰᠠᠳᠬᠠᠬᠤ  ᠠᠵᠢᠯᠯᠠᠭ᠎ᠠ ᠲᠠᠢ ᠢᠳᠡᠪᠬᠢᠲᠡᠶ ᠬᠠᠮᠵᠢᠯᠴᠠᠬᠤ ᠶᠢᠨ ᠬᠠᠮᠲᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠬᠡᠭᠡᠷ᠎ᠡ ᠶᠢᠨ ᠤᠷᠭᠤᠮᠠᠯ ᠢᠳᠡᠬᠦ ᠦᠭᠡᠢ᠂ ᠬᠤᠯᠤᠭᠠᠨ᠎ᠠ ᠶᠢᠨ ᠲᠥᠷᠥᠯ ᠵᠢᠴᠢ ᠪᠤᠰᠤᠳ ᠡᠪᠡᠳᠴᠢᠨ ᠢᠶᠠᠷ ᠥᠭᠦᠭᠰᠡᠨ ᠬᠡᠭᠡᠷ᠎ᠡ ᠶᠢᠨ ᠠᠮᠢᠲᠠᠨ ᠲᠠᠢ ᠬᠦᠷᠦᠯᠴᠡᠬᠦ ᠥᠬᠡᠶ᠂ ᠬᠤᠯᠤᠭᠠᠨ᠎ᠠ ᠶᠢᠨ ᠨᠦᠭᠡ ᠶᠢᠨ ᠬᠠᠵᠠᠭᠤ ᠳᠤ  ᠰᠠᠭᠤᠵᠤ ᠬᠡᠪᠲᠡᠵᠦ ᠠᠮᠠᠷᠠᠬᠤ ᠥᠬᠡᠶ᠂ ᠨᠣᠬᠠᠶ ᠶᠢᠨ ᠪᠥᠭᠡᠰᠦ ᠬᠠᠵᠠᠬᠤ ᠠᠴᠠ ᠰᠡᠷᠭᠡᠶᠢᠯᠡᠬᠦ ᠬᠡᠷᠡᠭᠲᠡᠶ᠃                                                     ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                                             2024 ᠣᠨ ᠤ 3 ᠰᠠᠷ᠎ᠠ ᠶᠢᠨ 15 ᠤ ᠡᠳᠦᠷ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ