ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠦᠨᠵᠢᠬᠦᠯᠵᠦ ᠮᠠᠯᠯᠠᠬᠤ ᠶᠢ ᠬᠡᠷᠡᠭᠵᠢᠭᠦᠯᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/3/26
     ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠪᠡᠯᠴᠢᠭᠡᠷ ᠥᠨᠵᠢᠭᠦᠯᠬᠦ ᠬᠠᠮᠢᠶᠠᠷᠤᠯᠲᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠦᠨᠵᠢᠬᠦᠯᠵᠦ ᠮᠠᠯᠯᠠᠬᠤ ᠳᠦᠷᠢᠮ︾᠂ ︽ᠤᠷᠠᠳ ᠤᠨ ᠡᠮᠦᠨᠡᠲᠦ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ︵2021 - 2025︶︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠠᠭ᠎ᠠ ᠰᠢᠭᠡᠲᠡᠢ ᠪᠠᠯᠭᠠᠰᠤ᠂ ᠮᠢᠩᠭᠠᠨ ᠪᠠᠯᠭᠠᠰᠤ᠂ ᠶᠡᠭᠡ ᠰᠢᠭᠡᠲᠡᠢ ᠪᠠᠯᠭᠠᠰᠤ᠂ ᠰᠤᠳᠠᠯ ᠤᠨ ᠬᠤᠳᠳᠤᠭ ᠪᠠᠯᠭᠠᠰᠤᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠬᠠᠪᠤᠷ ᠤᠨ ᠤᠯᠠᠷᠢᠯ ᠤᠨ ᠦᠨᠵᠢᠬᠦᠯᠵᠦ ᠮᠠᠯᠯᠠᠬᠤ ᠶᠢ ᠬᠡᠷᠡᠭᠵᠢᠭᠦᠯᠵᠦ᠂ ᠦᠨᠵᠢᠬᠦᠯᠵᠦ ᠮᠠᠯᠯᠠᠬᠤ  ᠬᠤᠭᠤᠴᠠᠭ᠎ᠠ ᠶᠢ 2024 ᠣᠨ ᠤ 4 ᠰᠠᠷ᠎ᠠ ᠶᠢᠨ 15 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ ᠦᠷᠭᠦᠯᠵᠢᠯᠡᠭᠦᠯᠬᠦ ᠪᠠᠷ ᠲᠣᠭᠲᠠᠭᠠᠪᠠ᠃     ᠡᠯ᠎ᠡ ᠬᠤᠯᠪᠣᠭᠳᠠᠯ ᠪᠦᠬᠦᠢ ᠰᠤᠮᠤ ᠪᠠᠯᠭᠠᠰᠤ ᠲᠤᠰ ᠬᠠᠷᠢᠶ᠎ᠠ ᠣᠷᠣᠨ ᠤ ᠪᠠᠨ ᠦᠨᠵᠢᠬᠦᠯᠵᠦ ᠮᠠᠯᠯᠠᠬᠤ ᠠᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠨᠤᠲᠤᠭ ᠪᠡᠯᠴᠢᠭᠡᠷ ᠤᠨ ᠲᠣᠣᠷᠵᠢᠭᠤᠯᠤᠭᠰᠠᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠦᠨᠵᠢᠬᠦᠯᠵᠦ ᠮᠠᠯᠯᠠᠬᠤ ᠬᠤᠭᠤᠴᠠᠭᠠᠨ ᠳᠠᠬᠢ ᠪᠡᠯᠴᠢᠭᠡᠷᠯᠡᠭᠦᠯᠬᠦ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠦᠨᠵᠢᠬᠦᠯᠵᠦ ᠮᠠᠯᠯᠠᠬᠤ ᠳᠦᠷᠢᠮ︾ ᠤᠨ ᠭᠤᠴᠢᠨ ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ︽ᠲᠣᠰ ᠳᠦᠷᠢᠮ ᠤᠨ ᠠᠷᠪᠠᠨ ᠳᠣᠯᠣᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠬᠢᠨᠠᠨ ᠲᠣᠭᠲᠠᠭᠠᠭᠰᠠᠨ ᠪᠡᠯᠴᠢᠭᠡᠷ ᠤᠨ ᠪᠠᠭᠲᠠᠭᠠᠮᠵᠢ ᠠᠴᠠ ᠳᠠᠪᠠᠭᠤᠯᠤᠨ  ᠮᠠᠯᠵᠢᠭᠰᠠᠨ ᠪᠠᠶᠢᠪᠠᠯ᠂ ᠰᠤᠮᠤ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠬᠡᠷᠡᠭᠲᠡᠢ︔     ᠬᠤᠭᠤᠴᠠᠭ᠎ᠠ ᠠᠴᠠ ᠦᠩᠭᠡᠷᠡᠨ ᠵᠠᠯᠠᠷᠠᠭᠤᠯᠬᠤ ᠦᠭᠡᠶ ᠪᠣᠯ ᠳᠠᠭᠠᠭᠠᠴᠠ ᠠᠴᠠ ᠬᠡᠲᠦᠷᠡᠭᠰᠡᠨ ᠮᠠᠯ ᠨᠢᠭᠡᠪᠦᠷᠢ ᠠᠴᠠ 100 ᠲᠥᠭᠦᠷᠢᠭ ᠢᠶᠠᠷ  ᠲᠣᠷᠭᠠᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠦᠰᠡ ᠪᠤᠶᠤ ᠦᠨᠵᠢᠬᠦᠯᠵᠦ ᠮᠠᠯᠯᠠᠬᠤ ᠬᠤᠭᠤᠴᠠᠭᠠᠨ ᠳᠤ ᠮᠠᠯ ᠪᠡᠯᠴᠢᠭᠡᠷᠯᠡᠭᠦᠯᠦᠭᠰᠡᠳ ᠢ ᠰᠤᠮᠤ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠨ ᠵᠠᠯᠠᠷᠠᠭᠤᠯᠵᠤ᠂ ᠬᠠᠤᠯᠢ ᠠᠴᠠ ᠵᠥᠷᠢᠴᠡᠨ ᠮᠠᠯ ᠮᠠᠯᠵᠢᠵᠤ ᠪᠠᠶᠢᠭ᠎ᠠ ᠨᠢᠭᠡᠴᠢ ᠨᠢᠭᠡᠪᠦᠷᠢ ᠶᠢ 120 ᠲᠥᠭᠦᠷᠢᠭ ᠢᠶᠠᠷ ᠲᠣᠷᠭᠠᠨ᠎ᠠ︾ ᠃    ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄         0478 - 2651040 ︵ᠮᠢᠩᠭᠠᠨ ᠪᠠᠯᠭᠠᠰᠤ︶        0478 - 2332134 ︵ᠪᠠᠭ᠎ᠠ ᠰᠢᠭᠡᠲᠡᠢ ᠪᠠᠯᠭᠠᠰᠤ︶        0478 - 3638011 ︵ᠶᠡᠭᠡ ᠰᠢᠭᠡᠲᠡᠢ ᠪᠠᠯᠭᠠᠰᠤ︶        0478 - 3693255 ︵ᠰᠤᠳᠠᠯ ᠤᠨ ᠬᠤᠳᠳᠤᠭ ᠪᠠᠯᠭᠠᠰᠤ︶                                        ᠤᠷᠠᠳ ᠤᠨ ᠡᠮᠦᠨᠡᠲᠦ  ᠬᠤᠰᠢᠭᠤᠨ ᠤ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ                                            2024 ᠣᠨ ᠤ 3 ᠰᠠᠷ᠎ᠠ ᠶᠢᠨ 15 ᠤ ᠡᠳᠦᠷ   
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ