3 ᠰᠠᠷ᠎ᠠ ᠶᠢᠨ 25 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠨᠠᠦ᠋ᠷᠦ᠋ ᠶᠢᠨ ᠶᠡᠷᠦᠩᠬᠡᠶᠢᠯᠡᠭᠴᠢ ᠠᠳᠢ᠊ · ᠠᠩ ᠲᠠᠢ ᠬᠡᠯᠡᠯᠴᠡᠭᠡ | ᠬᠢᠪᠡ᠃ | | | | | 3 ᠰᠠᠷ᠎ᠠ ᠶᠢᠨ 25 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠨᠠᠦ᠋ᠷᠦ᠋ ᠶᠢᠨ ᠶᠡᠷᠦᠩᠬᠡᠶᠢᠯᠡᠭᠴᠢ ᠠᠳᠢ᠊ · ᠠᠩ ᠲᠠᠢ ᠬᠡᠯᠡᠯᠴᠡᠭᠡ | ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ | ᠠᠳᠢ᠊ · ᠠᠩ ᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | | ᠰᠢ ᠶᠢᠨ ᠫᠢᠩ᠂ ᠡᠨᠡ ᠵᠢᠯ ᠤᠨ 1 ᠰᠠᠷ᠎ᠠ ᠳᠤ ᠨᠠᠦ᠋ᠷᠦ᠋ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠵᠤ᠂ ᠳᠤᠮᠳᠠᠳᠤ ᠤᠯᠤᠰ ᠯᠤᠭ᠎ᠠ | ᠬᠠᠷᠢᠯᠴᠠᠭ᠎ᠠ ᠪᠠᠨ ᠰᠡᠷᠭᠦᠭᠡᠬᠦ ᠤᠯᠤᠰ ᠲᠥᠷᠥ ᠶᠢᠨ ᠰᠢᠢᠳᠪᠦᠷᠢ ᠭᠠᠷᠭᠠᠪᠠ᠂ ᠡᠨᠡ ᠪᠣᠯ ᠲᠡᠦᠬᠡ ᠶᠢᠨ ᠶᠡᠭᠡ ᠬᠠᠨᠳᠤᠰᠢ ᠳᠤ ᠨᠡᠶᠢᠴᠡᠵᠦ᠂ ᠴᠠᠭ ᠦᠶ᠎ᠡ ᠶᠢᠨ | ᠤᠷᠤᠰᠬᠠᠯ ᠳᠤ ᠨᠡᠶᠢᠴᠡᠭᠰᠡᠨ ᠠᠷᠭ᠎ᠠ ᠬᠡᠮᠵᠢᠶ᠎ᠡ ᠮᠥᠨ᠃ ᠨᠥᠬᠦᠷᠯᠡᠯ ᠢ ᠤᠷᠢᠳ ᠬᠤᠵᠢᠳ ᠭᠡᠵᠦ ᠢᠯᠭᠠᠬᠤ ᠦᠭᠡᠢ᠂ ᠡᠬᠢᠯᠡᠭᠦᠯᠳᠡᠭ ᠯᠡ ᠶᠤᠮ ᠪᠣᠯ | ᠳᠠᠷᠤᠢ ᠭᠡᠭᠡᠨ ᠰᠠᠷᠠᠭᠤᠯ ᠢᠷᠡᠭᠡᠳᠦᠢ ᠲᠠᠢ ᠪᠤᠯᠬᠤ ᠶᠤᠮ᠃ ᠬᠠᠮᠲᠤᠷᠠᠯᠴᠠᠭ᠎ᠠ ᠳᠤ ᠶᠡᠭᠡ ᠪᠠᠭ᠎ᠠ ᠭᠡᠵᠦ ᠢᠯᠭᠠᠬᠤ ᠦᠭᠡᠢ᠂ ᠦᠨᠡᠨᠴᠢ ᠪᠠᠶᠢᠳᠠᠭ ᠯᠠ ᠶᠤᠮ | ᠪᠣᠯ ᠡᠯᠪᠡᠭ ᠪᠠᠶᠠᠯᠢᠭ ᠦᠷ᠎ᠡ ᠪᠦᠲᠦᠭᠡᠯ ᠲᠠᠢ ᠪᠤᠯᠬᠤ ᠶᠤᠮ᠃ ᠳᠤᠮᠳᠠᠳᠤ ᠨᠠᠦ᠋ᠷᠦ᠋ ᠶᠢᠨ ᠬᠠᠷᠢᠯᠴᠠᠭ᠎ᠠ ᠨᠢᠭᠡᠨᠲᠡ ᠰᠢᠨ᠎ᠡ ᠲᠡᠦᠬᠡ ᠶᠢᠨ ᠬᠠᠭᠤᠳᠠᠰᠤ ᠶᠢ | ᠰᠡᠬᠦᠭᠰᠡᠨ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠨᠠᠦ᠋ᠷᠦ᠋ ᠶᠢᠨ ᠬᠢᠨ ᠲᠠᠢ ᠬᠠᠮᠲᠤ ᠪᠠᠷ᠂ ᠳᠤᠮᠳᠠᠳᠤ ᠨᠠᠦ᠋ᠷᠦ᠋ ᠶᠢᠨ ᠬᠠᠷᠢᠯᠴᠠᠭ᠎ᠠ ᠶᠢᠨ ᠰᠠᠶᠢᠨ | ᠰᠠᠶᠢᠬᠠᠨ ᠢᠷᠡᠭᠡᠳᠦᠢ ᠶᠢ ᠴᠣᠭᠴᠠᠯᠠᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠤᠰᠤᠳ ᠲᠤ ᠡᠷᠬᠡ ᠲᠡᠭᠰᠢ ᠪᠠᠷ ᠬᠠᠨᠳᠤᠬᠤ ᠪᠣᠯ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠢᠯᠡ ᠲᠣᠳᠣ ᠵᠠᠩ | ᠰᠤᠷᠲᠠᠯ ᠮᠥᠨ᠃ ᠤᠯᠤᠰ ᠣᠷᠣᠨ ᠶᠡᠭᠡ ᠪᠠᠭ᠎ᠠ᠂ ᠬᠦᠴᠦᠷᠬᠡᠭ ᠪᠠᠭᠤᠷᠠᠢ᠂ ᠶᠠᠳᠠᠭᠤ ᠪᠠᠶᠠᠨ ᠤ ᠢᠯᠭᠠᠯ ᠦᠭᠡᠢ ᠴᠥᠮ ᠳᠡᠯᠡᠬᠡᠢ ᠨᠡᠶᠢᠭᠡᠮ ᠤᠨ ᠡᠷᠬᠡ | ᠲᠡᠭᠰᠢ ᠪᠦᠷᠢᠯᠳᠦᠭᠦᠨ ᠪᠤᠯᠬᠤ ᠶᠢ ᠳᠤᠮᠳᠠᠳᠤ ᠤᠯᠤᠰ ᠢᠮᠠᠭᠲᠠ ᠵᠣᠷᠢᠭᠰᠠᠭᠠᠷ ᠢᠷᠡᠭᠰᠡᠨ ᠶᠤᠮ᠃ ᠳᠤᠮᠳᠠᠳᠤ ᠤᠯᠤᠰ ᠪᠣᠯ ᠢᠮᠠᠭᠲᠠ ᠬᠥᠭᠵᠢᠵᠦ ᠪᠠᠶᠢᠭ᠎ᠠ | ᠤᠯᠤᠰ ᠤᠨ ᠪᠦᠷᠢᠯᠳᠦᠭᠦᠨ ᠮᠥᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠳᠠᠬᠢ ᠲᠤᠮᠳᠠᠳᠤ ᠤᠯᠤᠰ ᠤᠨ | ᠡᠨᠡ ᠬᠦ ᠪᠢᠯᠧᠲ ᠨᠢ ᠥᠨᠢ ᠡᠭᠦᠷᠢᠳᠡ ᠬᠥᠭᠵᠢᠵᠦ ᠪᠠᠶᠢᠭ᠎ᠠ ᠤᠯᠤᠰ ᠤᠨ ᠬᠢ ᠶᠤᠮ᠃ ᠳᠤᠮᠳᠠᠳᠤ ᠨᠠᠦ᠋ᠷᠦ᠋ ᠶᠢᠨ ᠬᠠᠷᠢᠯᠴᠠᠭ᠎ᠠ ᠪᠣᠯ ᠬᠠᠷᠢᠯᠴᠠᠨ | ᠬᠦᠨᠳᠦᠳᠬᠡᠬᠦ᠂ ᠡᠷᠬᠡ ᠲᠡᠭᠰᠢ ᠬᠠᠷᠢᠯᠴᠠᠨ ᠠᠰᠢᠭ ᠬᠦᠷᠲᠡᠭᠡᠬᠦ᠂ ᠬᠠᠷᠢᠯᠴᠠᠨ ᠳᠡᠮᠵᠢᠬᠦ ᠬᠠᠷᠢᠴᠠᠭ᠎ᠠ ᠪᠣᠯᠣᠨ᠎ᠠ᠃ ᠳᠤᠮᠳᠠᠳᠤ ᠤᠯᠤᠰ ᠨᠠᠦ᠋ᠷᠦ᠋ ᠶᠢᠨ | ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠡᠷᠡᠰ ᠳᠡᠮᠵᠢᠵᠦ᠂ ᠨᠠᠦ᠋ᠷᠦ᠋ ᠶᠢᠨ ᠪᠡᠶ᠎ᠡ ᠪᠠᠨ | ᠳᠠᠭᠠᠭᠠᠵᠤ ᠡᠵᠡᠨ ᠮᠡᠳᠡᠵᠦ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠳᠡᠮᠵᠢᠵᠦ᠂ ᠳᠤᠷᠠᠲᠠᠶ᠎ᠠ | ᠨᠠᠦ᠋ᠷᠦ᠋ ᠶᠢᠨ ᠬᠢᠨ ᠲᠠᠢ ᠡᠯ᠎ᠡ ᠳᠠᠪᠬᠤᠷᠭ᠎ᠠ᠂ ᠡᠯ᠎ᠡ ᠬᠦᠷᠢᠶᠡᠨ ᠤ ᠰᠣᠯᠢᠯᠴᠠᠭ᠎ᠠ ᠶᠠᠷᠢᠯᠴᠠᠭ᠎ᠠ ᠪᠠᠨ ᠴᠢᠩᠭᠠᠳᠬᠠᠵᠤ᠂ ᠣᠶᠢᠯᠠᠭᠠᠯᠴᠠᠭ᠎ᠠ ᠪᠠ | ᠢᠲᠡᠭᠡᠯᠴᠡᠭᠡ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠬᠤᠶᠠᠷ ᠤᠯᠤᠰ ᠤᠨ ᠬᠠᠷᠢᠯᠴᠠᠭᠠᠨ ᠤ ᠤᠯᠤᠰ ᠲᠦᠷᠦ ᠶᠢᠨ ᠰᠠᠭᠤᠷᠢ ᠶᠢ ᠪᠠᠲᠤᠳᠬᠠᠨ᠎ᠠ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠨᠠᠦ᠋ᠷᠦ᠋ ᠶᠢᠨ ᠳᠤᠮᠳᠠᠳᠤ ᠤᠯᠤᠰ ᠯᠤᠭ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠭᠰᠠᠨ ᠪᠠᠰᠠ ᠨᠢᠭᠡᠨ ᠤᠯᠤᠰ ᠪᠣᠯᠤᠭᠰᠠᠨ ᠢ ᠳᠤᠮᠳᠠᠳᠤ ᠤᠯᠤᠰ ᠪᠠᠶᠠᠷᠯᠠᠨ | ᠤᠭᠲᠤᠵᠤ ᠪᠠᠶᠢᠨ᠎ᠠ᠂ ᠳᠤᠷᠠᠲᠠᠶ᠎ᠠ ᠨᠠᠦ᠋ᠷᠦ᠋ ᠶᠢᠨ ᠬᠢᠨ ᠲᠠᠢ ᠠᠷᠠᠯᠵᠢᠶᠠᠨ ᠤ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠵᠡᠷᠭᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠬᠦ ᠶᠢᠨ ᠵᠡᠷᠭᠡ ᠪᠠᠷ ᠨᠠᠦ᠋ᠷᠦ᠋ ᠶᠢᠨ ᠪᠡᠶ᠎ᠡ ᠪᠠᠨ ᠳᠠᠭᠠᠭᠠᠵᠤ | ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠤᠯᠤᠰ ᠲᠦᠷᠦ ᠶᠢᠨ ᠨᠥᠬᠦᠴᠡᠯ ᠳᠠᠭᠠᠯᠳᠤᠭᠤᠯᠬᠤ ᠦᠭᠡᠢ ᠲᠤᠰᠠᠯᠠᠮᠵᠢ ᠬᠠᠩᠭᠠᠨ᠎ᠠ᠃ ᠬᠤᠶᠠᠷ | ᠲᠠᠯ᠎ᠠ ᠪᠠᠷ ᠢᠶᠠᠨ ᠰᠤᠷᠭᠠᠨ ᠬᠥᠮᠦᠵᠢᠯ᠂ ᠰᠣᠶᠣᠯ᠂ ᠡᠷᠡᠭᠦᠯ ᠬᠠᠮᠠᠭᠠᠯᠠᠯ᠂ ᠵᠠᠯᠠᠭᠤᠴᠤᠳ ᠵᠡᠷᠭᠡ ᠡᠯ᠎ᠡ ᠬᠦᠷᠢᠶᠡᠨ ᠤ ᠰᠣᠯᠢᠯᠴᠠᠭ᠎ᠠ ᠪᠠᠨ ᠴᠢᠩᠭᠠᠳᠬᠠᠵᠤ᠂ | ᠨᠠᠦ᠋ᠷᠦ᠋ ᠶᠢᠨ ᠨᠡᠩ ᠤᠯᠠᠨ ᠵᠠᠯᠠᠭᠤᠴᠤᠳ ᠤᠨ ᠳᠤᠮᠳᠠᠳᠤ ᠤᠯᠤᠰ ᠲᠤ ᠢᠷᠡᠵᠤ ᠰᠤᠷᠤᠯᠴᠠᠬᠤ ᠶᠢ ᠪᠠᠶᠠᠷᠯᠠᠨ ᠤᠭᠲᠤᠵᠤ᠂ ᠳᠤᠷᠠᠲᠠᠶ᠎ᠠ ᠡᠮᠦᠨᠡᠲᠦ | ᠡᠮᠦᠨᠡᠲᠦ ᠶᠢᠨ ᠬᠠᠮᠲᠤᠷᠠᠯᠴᠠᠭ᠎ᠠ ᠶᠢᠨ ᠪᠣᠷᠣ ᠲᠥᠯᠥᠪ ᠤᠨ ᠳᠣᠲᠣᠷ᠎ᠠ ᠨᠠᠦ᠋ᠷᠦ᠋ ᠳᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠲᠤᠰᠠᠯᠠᠮᠵᠢ | ᠬᠠᠩᠭᠠᠨ᠎ᠠ᠃ ᠳᠤᠮᠳᠠᠳᠤ ᠤᠯᠤᠰ ᠳᠤᠷᠠᠲᠠᠶ᠎ᠠ ᠨᠠᠦ᠋ᠷᠦ᠋ ᠶᠢᠨ ᠬᠢᠨ ᠲᠠᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠨᠣᠮᠣᠬᠠᠨ ᠲᠠᠯᠠᠢ ᠶᠢᠨ ᠠᠷᠠᠯᠲᠤ | ᠤᠯᠤᠰ ᠤᠳ ᠤᠨ ᠶᠠᠷᠢᠶᠠᠨ ᠤ ᠲᠠᠪᠴᠠᠩ ᠵᠡᠷᠭᠡ ᠤᠯᠠᠨ ᠲᠠᠯ᠎ᠠ ᠶᠢᠨ ᠬᠦᠷᠢᠶᠡᠨ ᠳᠠᠬᠢ ᠣᠯᠣᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ᠡᠷᠬᠡ | ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠦᠢᠯᠰᠢᠷᠠᠬᠤ ᠪᠠ ᠲᠦᠭᠡᠮᠡᠯ ᠠᠰᠢᠭ ᠬᠦᠷᠲᠡᠭᠡᠬᠦ ᠪᠠᠭᠲᠠᠭᠠᠮᠵᠢᠲᠠᠢ ᠠᠵᠤ ᠠᠬᠤᠢ ᠶᠢᠨ | ᠳᠡᠯᠡᠬᠡᠶᠢᠵᠢᠯᠲᠡ ᠶᠢ ᠬᠠᠮᠲᠤ ᠪᠠᠷ ᠰᠠᠨᠠᠭᠠᠴᠢᠯᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠵᠢᠭᠠᠵᠤ | ᠭᠠᠷᠭᠠᠪᠠ᠃ | ᠠᠳᠢ᠊ · ᠠᠩ᠂ ᠤᠷᠢᠯᠭ᠎ᠠ ᠪᠠᠷ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠳᠤᠮᠳᠠᠳᠤ ᠤᠯᠤᠰ ᠤᠨ ᠥᠨᠢ | ᠤᠳᠠᠭᠠᠨ ᠲᠡᠦᠬᠡ᠂ ᠭᠡᠷᠡᠯ ᠰᠠᠴᠤᠷᠠᠩᠭᠤᠢ ᠰᠣᠶᠣᠯ ᠪᠣᠯᠣᠨ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠥᠭᠵᠢᠯᠲᠡ ᠶᠢ ᠣᠶᠢᠯᠠᠭᠠᠬᠤ ᠪᠣᠯᠤᠭᠰᠠᠨ ᠳᠠᠭᠠᠨ | ᠮᠠᠰᠢ ᠠᠵᠠ ᠲᠠᠢ ᠰᠠᠨᠠᠭᠳᠠᠵᠤ ᠪᠠᠶᠢᠨ᠎ᠠ᠃ ᠲᠦᠷᠦᠭᠦᠬᠡᠨ ᠨᠠᠦ᠋ᠷᠦ᠋ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠨᠢᠭᠡ ᠳᠤᠮᠳᠠᠳᠤ ᠤᠯᠤᠰ ᠪᠠᠶᠢᠬᠤ | ᠵᠠᠷᠴᠢᠮ ᠢ ᠮᠡᠳᠡᠷᠡᠬᠦ ᠪᠠ ᠪᠠᠷᠢᠮᠲᠠᠯᠠᠭᠰᠠᠨ ᠰᠠᠭᠤᠷᠢᠨ ᠳᠡᠭᠡᠷ᠎ᠡ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠨ ᠰᠡᠷᠭᠦᠭᠡᠬᠦ ᠪᠠᠷ ᠲᠣᠭᠲᠠᠪᠠ᠂ ᠡᠨᠡ | ᠪᠣᠯ ᠨᠠᠦ᠋ᠷᠦ᠋ ᠳᠤᠮᠳᠠᠳᠤ ᠶᠢᠨ ᠬᠠᠷᠢᠯᠴᠠᠭᠠᠨ ᠤ ᠴᠢᠬᠤᠯᠠ ᠬᠥᠰᠢᠶ᠎ᠡ ᠲᠡᠮᠳᠡᠭ ᠪᠠᠶᠢᠵᠤ᠂ ᠨᠠᠦ᠋ᠷᠦ᠋ ᠶᠢᠨ ᠤᠯᠤᠰ ᠤᠨ ᠬᠥᠭᠵᠢᠯᠲᠡ ᠪᠣᠯᠣᠨ ᠨᠠᠦ᠋ᠷᠦ᠋ | ᠳᠤᠮᠳᠠᠳᠤ ᠶᠢᠨ ᠬᠠᠷᠢᠯᠴᠠᠭᠠᠨ ᠤ ᠰᠢᠨ᠎ᠡ ᠬᠠᠭᠤᠳᠠᠰᠤ ᠶᠢ ᠰᠡᠬᠦᠭᠰᠡᠨ ᠪᠠᠶᠢᠨ᠎ᠠ᠃ ᠨᠠᠦ᠋ᠷᠦ᠋ ᠶᠢᠨ ᠬᠢᠨ ᠳᠤᠮᠳᠠᠳᠤ ᠤᠯᠤᠰ ᠶᠡᠭᠡ ᠪᠠᠭ᠎ᠠ ᠤᠯᠤᠰ ᠪᠦᠭᠦᠨ | ᠡᠷᠬᠡ ᠲᠡᠭᠰᠢ ᠪᠠᠶᠢᠬᠤ ᠶᠢ ᠢᠮᠠᠭᠲᠠ ᠪᠠᠷᠢᠮᠲᠠᠯᠠᠭᠰᠠᠭᠠᠷ ᠢᠷᠡᠭᠰᠡᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠳᠤᠷᠠᠲᠠᠶ᠎ᠠ ᠨᠢᠭᠡ ᠳᠤᠮᠳᠠᠳᠤ ᠤᠯᠤᠰ | ᠪᠠᠶᠢᠬᠤ ᠵᠠᠷᠴᠢᠮ ᠢ ᠵᠢᠷᠤᠮᠯᠠᠵᠤ᠂ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠨᠠᠦ᠋ᠷᠦ᠋ | ᠳᠤᠮᠳᠠᠳᠤ ᠶᠢᠨ ᠬᠠᠷᠢᠯᠴᠠᠭ᠎ᠠ ᠪᠠᠨ ᠰᠡᠷᠭᠦᠭᠡᠬᠦ ᠪᠠᠷ ᠴᠢᠬᠤᠯᠠ ᠠᠵᠠ ᠲᠣᠭᠢᠶᠠᠯ ᠪᠤᠯᠭᠠᠵᠤ᠂ ᠳᠤᠮᠳᠠᠳᠤ ᠤᠯᠤᠰ ᠯᠤᠭ᠎ᠠ ᠬᠠᠷᠢᠯᠴᠠᠨ ᠭᠦᠨᠳᠦᠳᠭᠡᠵᠦ᠂ | ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠬᠥᠮᠥᠰ ᠤᠨ ᠶᠠᠪᠤᠯᠴᠠᠭ᠎ᠠ ᠪᠣᠯᠣᠨ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ | ᠤᠯᠤᠰ ᠤᠨ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ᠂ ᠡᠯᠪᠡᠭ ᠦᠷ᠎ᠡ ᠪᠦᠲᠦᠭᠡᠯ ᠪᠦᠬᠦᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ | ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠦᠨ᠎ᠡ᠃ ᠣᠳᠣᠬᠠᠨ ᠤ ᠳᠡᠯᠡᠬᠡᠢ ᠶᠢᠷᠲᠢᠨᠴᠦ ᠳᠤ ᠳᠡᠯᠡᠬᠡᠢ ᠶᠢᠨ ᠴᠢᠨᠠᠷᠲᠠᠢ ᠮᠠᠰᠢ ᠤᠯᠠᠨ ᠥᠷᠢᠰᠦᠯᠳᠦᠭᠡᠨ | ᠲᠤᠯᠭᠠᠷᠠᠵᠤ ᠪᠠᠶᠢᠨ᠎ᠠ᠂ ᠭᠠᠭᠴᠠ ᠬᠦ ᠪᠦᠯᠬᠦᠮᠳᠡᠯ ᠪᠠ ᠬᠠᠮᠲᠤᠷᠠᠯᠴᠠᠭ᠎ᠠ ᠲᠠᠢ ᠪᠠᠶᠢᠪᠠᠯ ᠰᠠᠶ᠋ᠢ ᠬᠥᠮᠥᠨ ᠲᠥᠷᠥᠯᠬᠢᠲᠡᠨ ᠤ ᠬᠠᠮᠲᠤ ᠶᠢᠨ ᠲᠠᠪᠰᠢᠯᠳᠡ ᠪᠠ | ᠴᠡᠴᠡᠭᠯᠡᠯᠲᠡ ᠶᠢ ᠪᠡᠶᠡᠯᠡᠭᠦᠯᠵᠦ ᠴᠢᠳᠠᠨ᠎ᠠ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠰᠢᠷᠢᠰ ᠰᠠᠨᠠᠭᠠᠴᠢᠯᠠᠭ᠎ᠠ ᠨᠢ | ᠴᠢᠬᠤᠯᠠ ᠠᠴᠢ ᠬᠤᠯᠪᠣᠭᠳᠠᠯ ᠲᠠᠢ ᠶᠤᠮ᠃ ᠨᠠᠦ᠋ᠷᠦ᠋ ᠶᠢᠨ ᠬᠢᠨ ᠳᠤᠷᠠᠲᠠᠶ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ | ᠢᠳᠡᠪᠬᠢᠲᠡᠢ ᠣᠷᠣᠯᠴᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ | ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠯᠤᠭ᠎ᠠ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠲᠤᠬᠠᠢ ᠬᠠᠮᠲᠤᠷᠠᠯᠴᠠᠭ᠎ᠠ ᠪᠠᠨ ᠴᠢᠩᠭᠠᠳᠬᠠᠨ᠎ᠠ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ | ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠠᠵᠤ ᠠᠬᠤᠢ ᠶᠢᠨ ᠬᠥᠭᠵᠢᠯᠲᠡ᠂ ᠬᠥᠳᠡᠭᠡ ᠠᠵᠤ ᠠᠬᠤᠢ ᠵᠡᠷᠭᠡ ᠬᠦᠷᠢᠶᠡᠨ ᠤ ᠤᠯᠠᠨ | ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠵᠡᠢ᠃ | ᠬᠤᠶᠠᠷ ᠲᠠᠯ᠎ᠠ ᠪᠠᠷ ᠢᠶᠠᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠨᠠᠦ᠋ᠷᠦ᠋ ᠤᠯᠤᠰ ᠤᠨ | ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠬᠦ ᠪᠣᠯᠣᠨ᠎ᠠ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠠᠳᠢ᠊ · ᠠᠩ ᠢ | ᠤᠭᠲᠤᠬᠤ ᠶᠣᠰᠣᠯᠠᠯ ᠶᠠᠪᠤᠭᠤᠯᠵᠠᠢ᠃ | ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ | ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠨᠠᠦ᠋ᠷᠦ᠋ | ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠠᠳᠢ᠊ · ᠠᠩ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ | ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠲᠤᠰ ᠣᠷᠣᠢ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠠᠳᠢ᠊ · ᠠᠩ ᠢ ᠤᠭᠲᠤᠬᠤ | ᠳᠠᠶᠢᠯᠠᠯᠭ᠎ᠠ ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | |