ᠪᠦᠬᠦ ᠤᠷᠤᠨ ᠤ ᠣᠶᠤᠲᠠᠳ ᠤᠨ ︽ᠰᠤᠷᠭᠠᠭᠤᠯᠢ ᠶᠢᠨ ᠬᠦᠷᠢᠶᠡᠨ ᠤ ᠠᠷᠪᠠᠨ ᠰᠢᠯᠢᠳᠡᠭ ᠳᠠᠭᠤᠴᠢᠨ︾ ᠢ ᠰᠢᠯᠭᠠᠷᠠᠭᠤᠯᠬᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/3/27
    ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ 3 ᠰᠠᠷ᠎ᠠ ᠶᠢᠨ 20 ᠤ ᠡᠳᠦᠷ ᠠᠴᠠ 2024 ᠣᠨ ᠤ ᠮᠠᠨ ᠤ ᠤᠷᠤᠨ ᠤ ᠣᠶᠤᠲᠠᠳ ᠤᠨ ︽ᠰᠤᠷᠭᠠᠭᠤᠯᠢ ᠶᠢᠨ ᠬᠦᠷᠢᠶᠡᠨ ᠤ ᠠᠷᠪᠠᠨ ᠰᠢᠯᠢᠳᠡᠭ ᠳᠠᠭᠤᠴᠢᠨ︾ ᠢ ᠰᠢᠯᠭᠠᠷᠠᠭᠤᠯᠬᠤ ᠤᠷᠤᠯᠳᠤᠭᠠᠨ ᠡᠬᠢᠯᠡᠪᠡ᠂ ᠪᠦᠬᠦ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠪᠠᠶᠢᠭ᠎ᠠ ᠣᠶᠤᠲᠠᠳ ᠵᠢᠴᠢ ᠵᠠᠯᠠᠭᠤ ᠪᠠᠭᠰᠢ ᠨᠠᠷ ᠴᠥᠮ ᠨᠡᠷ᠎ᠡ ᠮᠡᠳᠡᠭᠦᠯᠵᠦ ᠣᠷᠣᠯᠴᠠᠵᠤ ᠪᠣᠯᠤᠨ᠎ᠠ᠃    ᠣᠶᠢᠯᠠᠭᠠᠭᠰᠠᠨ ᠢᠶᠠᠷ᠂ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠭᠤᠣᠯᠯᠠᠨ ᠡᠷᠭᠢᠯᠡᠵᠦ᠂ ︽ᠤᠶᠤᠳᠠᠨ ᠵᠠᠯᠠᠭᠤᠴᠤᠳ ᠤᠨ ᠤᠶᠠᠩᠭ᠎ᠠ ᠳᠠᠭᠤᠤ ᠤᠮᠠᠷᠠᠲᠤ ᠬᠢᠯᠢ ᠳᠤ ᠬᠠᠩᠬᠢᠨᠠᠨᠠᠮ︾ ᠬᠡᠬᠦ ᠪᠠᠷ ᠭᠤᠣᠯ ᠰᠡᠳᠦᠪ ᠪᠣᠯᠭᠠᠵᠤ᠂ ᠰᠤᠷᠭᠠᠨ ᠬᠥᠮᠦᠵᠢᠯ ᠤᠨ ᠶᠠᠮᠤᠨ ᠤ ︽ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠢ ᠭᠦᠨᠵᠡᠭᠡᠶᠢᠷᠡᠬᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠢ ᠮᠡᠳᠡᠭᠳᠡᠯ︾ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ︽ᠣᠯᠠᠨ ᠲᠦᠮᠡᠨᠴᠢ ᠰᠣᠶᠣᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠶᠢ ᠠᠬᠢᠭᠤᠯᠬᠤ ᠲᠤᠬᠠᠢ ᠰᠠᠨᠠᠯ︾ ᠤᠨ ᠱᠠᠭᠠᠷᠳᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠬᠤ ᠪᠠᠷ ᠵᠣᠷᠢᠯᠭ᠎ᠠ ᠪᠣᠯᠭᠠᠭᠰᠠᠨ ᠪᠠᠶᠢᠨ᠎ᠠ᠃ ᠤᠷᠤᠯᠳᠤᠭᠠᠨ ᠢ ᠲᠤᠰᠬᠠᠢ ᠮᠡᠷᠭᠡᠵᠢᠯ ᠤᠨ ᠳᠤᠭᠤᠶᠢᠯᠠᠩ ᠪᠠ ᠠᠵᠢᠯ ᠤᠨ ᠴᠢᠯᠦᠭᠡᠨ ᠤ ᠳᠤᠭᠤᠶᠢᠯᠠᠩ ᠭᠡᠵᠦ ᠬᠤᠶᠠᠷ ᠬᠤᠪᠢᠶᠠᠵᠤ᠂ ᠠᠩᠬᠠᠨ ᠤ ᠤᠷᠤᠯᠳᠤᠭᠠᠨ ᠢ 3 ᠰᠠᠷ᠎ᠠ  ᠶᠢᠨ 20 ᠠᠴᠠ 4 ᠰᠠᠷ᠎ᠠ  ᠶᠢᠨ20 ᠤ ᠡᠳᠦᠷ ᠪᠤᠯᠳᠠᠯ᠎ᠠ ᠶᠠᠪᠤᠭᠳᠠᠭᠤᠯᠵᠤ᠂ ᠨᠤᠭᠤᠯᠤᠭ᠎ᠠ ᠤᠷᠤᠯᠳᠤᠭᠠᠨ ᠢ 4 ᠰᠠᠷ᠎ᠠ  ᠶᠢᠨ 25 ᠠᠴᠠ 5 ᠰᠠᠷ᠎ᠠ  ᠶᠢᠨ 30 ᠤ ᠡᠳᠦᠷ ᠪᠤᠯᠳᠠᠯ᠎ᠠ᠂ ᠰᠶᠢᠳᠪᠦᠷᠢᠲᠦ ᠤᠷᠤᠯᠳᠤᠭᠠᠨ ᠢ 6 ᠰᠠᠷ᠎ᠠ  ᠶᠢᠨ 10 ᠤ ᠡᠳᠦᠷ ᠤᠨ ᠣᠷᠴᠢᠮ ᠢᠶᠠᠷ ᠶᠠᠪᠤᠭᠳᠠᠭᠤᠯᠬᠤ ᠪᠠᠷ ᠵᠢᠱᠢᠵᠦ ᠪᠤᠢ᠃ ᠡᠭᠦᠨ ᠠᠴᠠ ᠭᠠᠳᠠᠨ᠎ᠠ᠂ ᠤᠷᠤᠯᠳᠤᠭᠠᠨ ᠳᠤ ᠪᠠᠰᠠ ᠦᠵᠡᠭᠦᠯᠭᠡ ᠶᠢᠨ ᠲᠣᠭᠯᠠᠯᠲᠠ ᠪᠠ ᠲᠣᠭᠤᠷᠢᠨ ᠲᠣᠭᠯᠠᠯᠲᠠ ᠭᠠᠷᠭᠠᠬᠤ ᠭᠤᠭᠴᠤᠭ᠎ᠠ ᠶᠢ ᠲᠣᠬᠢᠷᠠᠭᠤᠯᠤᠭᠰᠠᠨ ᠪᠠᠶᠢᠨ᠎ᠠ᠃    ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠢᠭᠡᠳ ᠬᠥᠳᠡᠯᠮᠦᠷᠢ ᠰᠤᠷᠭᠠᠨ ᠬᠥᠮᠦᠵᠢᠯ ᠤᠨ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠄ ︽ᠤᠷᠤᠯᠳᠤᠭᠠᠨ ᠤ ᠲᠤᠮᠳᠠ ᠪᠢᠳᠡ ᠤᠬᠠᠭᠤᠯᠵᠤ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯᠣᠨ ᠳᠤᠮᠳᠠᠳᠤ ᠶᠢᠨ ᠭᠤᠸ᠎ᠠ ᠰᠠᠶᠢᠬᠠᠨ ᠤ ᠬᠥᠮᠦᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠪᠠᠶᠠᠯᠢᠭ ᠰᠠᠶᠢᠬᠠᠨ ᠤᠳᠬ᠎ᠠ ᠤᠷᠠᠯᠢᠭ ᠢᠶᠠᠷ ᠰᠤᠷᠭᠠᠭᠤᠯᠢ ᠶᠢᠨ ᠬᠦᠷᠢᠶ᠎ᠡ ᠶᠢ ᠤᠮᠳᠠᠯᠠᠵᠤ᠂ ᠤᠶᠤᠨ ᠰᠠᠨᠠᠭ᠎ᠠ ᠶᠢ ᠰᠢᠮᠡᠵᠢᠭᠦᠯᠵᠦ᠂ ᠶᠣᠰᠣ ᠰᠤᠷᠲᠠᠬᠤᠨ ᠢ ᠬᠥᠮᠥᠵᠢᠭᠦᠯᠵᠦ᠂ ᠣᠶᠤᠲᠠᠳ ᠤᠨ ᠰᠣᠶᠣᠯ ᠤᠷᠠᠯᠢᠭ ᠤᠨ ᠬᠡᠪ ᠴᠢᠨᠠᠷ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠶᠢ ᠠᠬᠢᠭᠤᠯᠤᠨ᠎ᠠ︾ ᠭᠡᠪᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ