ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ︽ᠠᠵᠢᠯ ᠬᠦᠯᠢᠶᠡᠵᠦ ᠡᠭᠦᠷᠭᠡ ᠳᠠᠭᠠᠭᠠᠴᠢᠯᠠᠬᠤ︾ ᠲᠥᠷᠥᠯ ᠵᠦᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2024/3/27
    ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠤᠶᠢᠷ᠎ᠠ ᠳᠤ ᠮᠠᠨ ᠤ ᠤᠷᠤᠨ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ︽ᠠᠵᠢᠯ ᠬᠦᠯᠢᠶᠡᠵᠦ ᠡᠭᠦᠷᠭᠡ ᠳᠠᠭᠠᠭᠠᠴᠢᠯᠠᠬᠤ︾ ᠲᠥᠷᠥᠯ ᠵᠦᠢᠯ — ︽ᠬᠠᠲᠤᠨ ᠭᠤᠤᠯ ᠤᠨ ᠨᠡᠶᠢᠲᠡᠯᠢᠭ ᠰᠠᠯᠪᠤᠷᠢ ᠤᠷᠤᠰᠬᠠᠯ ᠬᠢᠭᠡᠳ ᠬᠤᠲᠠ ᠶᠢᠨ ᠪᠣᠷᠣᠭᠠᠨ ᠦᠶᠡᠷ ᠤᠨ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠮᠡᠷᠭᠡᠵᠢᠯ ᠵᠢᠴᠢ ᠵᠢᠱᠢᠶ᠎ᠡ ᠦᠵᠡᠭᠦᠯᠬᠦ ᠲᠥᠷᠥᠯ ᠵᠦᠢᠯ︾ ᠢ ᠬᠥᠬᠡᠬᠤᠲᠠ ᠳᠤ ᠡᠬᠢᠯᠡᠭᠦᠯᠦᠭᠰᠡᠨ ᠪᠠᠶᠢᠨ᠎ᠠ᠃ ᠲᠥᠷᠥᠯ ᠵᠦᠢᠯ ᠢ ᠬᠡᠷᠡᠭᠵᠢᠭᠦᠯᠬᠦ ᠪᠠᠷ ᠳᠡᠮᠵᠢᠨ᠂ ᠬᠠᠲᠤᠨ ᠭᠤᠤᠯ ᠤᠨ ᠰᠠᠪᠠ ᠭᠠᠵᠠᠷ ᠤᠨ ᠬᠤᠲᠠ ᠶᠢᠨ ᠪᠣᠷᠣᠭᠠᠨ ᠦᠶᠡᠷ ᠤᠨ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠳᠤ ᠮᠡᠷᠭᠡᠵᠢᠯ ᠤᠨ ᠬᠠᠶᠢᠨ ᠰᠥᠪᠡᠭᠴᠢᠯᠡᠯᠲᠡ ᠬᠢᠵᠦ᠂ ᠥᠪᠡᠷᠲᠡᠭᠡᠨ ᠵᠠᠰᠠᠬᠤ ᠣᠷᠣᠨ ᠤ ᠪᠣᠷᠣᠭᠠᠨ ᠦᠶᠡᠷ ᠤᠨ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠬᠦᠷᠢᠶ᠎ᠡ ᠴᠠᠷᠠᠭᠠᠨ ᠳᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠣᠷᠣᠭᠠᠨ ᠦᠶᠡᠷ ᠤᠨ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠪᠠ ᠪᠣᠷᠣᠭᠠᠨ ᠦᠶᠡᠷ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠪᠣᠯᠤᠨ᠎ᠠ᠃   ᠤᠶᠢᠯᠠᠭᠠᠭᠰᠠᠨ ᠢᠶᠠᠷ᠂ ᠲᠥᠷᠥᠯ ᠵᠦᠢᠯ ᠨᠢ ᠥᠪᠥᠷ ᠮᠣᠩᠭᠤᠯ ᠤᠨ ᠬᠠᠲᠤᠨ ᠭᠤᠤᠯ ᠤᠨ ᠰᠠᠪᠠ ᠭᠠᠵᠠᠷ ᠤᠨ ᠪᠣᠷᠣᠭᠠᠨ ᠦᠶᠡᠷ ᠤᠨ ᠤᠰᠤᠨ ᠤ ᠡᠬᠢ ᠪᠠᠶᠠᠯᠢᠭ ᠤᠨ ᠵᠠᠩᠭᠢᠯᠠᠭ᠎ᠠ ᠶᠢᠨ ᠠᠰᠠᠭᠤᠳᠠᠯ ᠵᠢᠴᠢ ᠬᠤᠲᠠ ᠶᠢᠨ ᠪᠣᠷᠣᠭᠠᠨ ᠦᠶᠡᠷ ᠤᠨ ᠭᠠᠮᠰᠢᠭ ᠡᠬᠦᠰᠬᠦ ᠪᠠ ᠨᠥᠯᠥᠭᠡᠯᠡᠬᠦ ᠬᠦᠴᠦᠨ ᠵᠦᠢᠯ ᠨᠢ ᠲᠣᠳᠣᠷᠬᠠᠶ ᠪᠤᠰᠤ ᠵᠡᠷᠭᠡ ᠪᠠᠶᠢᠳᠠᠯ ᠳᠤ ᠴᠢᠭᠯᠡᠭᠦᠯᠦᠨ᠂ ᠪᠣᠷᠣᠭᠠᠨ ᠦᠶᠡᠷ ᠤᠨ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠪᠠᠷ ᠭᠤᠤᠯ ᠬᠠᠷᠠᠯᠲᠠ ᠪᠣᠯᠭᠠᠵᠤ᠂ ᠨᠡᠶᠢᠲᠡᠯᠢᠭ ᠰᠠᠯᠪᠤᠷᠢ ᠤᠷᠤᠰᠬᠠᠯ ᠬᠢᠭᠡᠳ ᠬᠤᠲᠠ ᠶᠢᠨ ᠪᠣᠷᠣᠭᠠᠨ ᠦᠶᠡᠷ ᠢ ᠨᠠᠷᠢᠯᠢᠭ ᠣᠨᠣᠪᠴᠢᠲᠠᠶ ᠤᠷᠢᠳᠴᠢᠯᠠᠨ ᠮᠡᠳᠡᠭᠡᠯᠡᠬᠦ ᠮᠡᠷᠭᠡᠵᠢᠯ ᠪᠠ ᠪᠤᠷᠤᠭᠠᠯᠠᠵᠤ ᠦᠶᠡᠷᠯᠡᠬᠦ ᠶᠠᠪᠤᠴᠠ ᠶᠢ ᠣᠶᠤᠨᠴᠢ ᠪᠠᠷ ᠬᠢᠨᠠᠨ ᠰᠢᠨᠵᠢᠬᠦ ᠵᠡᠷᠭᠡ ᠰᠤᠳᠤᠯᠭᠠᠨ ᠢ ᠥᠷᠨᠢᠭᠦᠯᠵᠦ᠂ ᠬᠠᠲᠤᠨ ᠭᠤᠤᠯ ᠤᠨ ᠰᠠᠪᠠ ᠭᠠᠵᠠᠷ ᠪᠠ ᠬᠤᠲᠠ ᠶᠢᠨ ᠪᠣᠷᠣᠭᠠᠨ ᠦᠶᠡᠷ ᠤᠨ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠵᠢᠴᠢ ᠠᠮᠢ ᠠᠬᠤᠶ ᠶᠢ ᠶᠡᠷᠦᠩᠬᠡᠶᠢᠯᠡᠨ ᠵᠠᠰᠠᠬᠤ ᠳᠤ ᠬᠦᠴᠦᠲᠡᠶ ᠮᠡᠷᠭᠡᠵᠢᠯ ᠤᠨ ᠳᠡᠮᠵᠢᠯᠭᠡ ᠪᠠ ᠪᠣᠯᠪᠠᠰᠤᠷᠠᠩᠭᠤᠶ ᠰᠢᠢᠳᠪᠦᠷᠢᠯᠡᠬᠦ ᠲᠥᠰᠦᠯ ᠢ ᠬᠠᠩᠭᠠᠨ᠎ᠠ᠃ ᠲᠣᠰ ᠲᠥᠷᠥᠯ ᠵᠦᠢᠯ ᠢ ᠣᠷᠳᠣᠰ ᠬᠤᠲᠠ ᠶᠢᠨ ᠱᠧᠩ ᠶᠤᠸᠠᠨ ᠤᠰᠤᠨ ᠤ ᠶᠠᠪᠤᠳᠠᠯ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠦᠷᠦᠭᠦᠯᠡᠨ᠂ ᠳᠤᠮᠳᠠᠳᠤ ᠤᠯᠤᠰ ᠤᠨ ᠤᠰᠤᠨ ᠠᠰᠢᠭᠯᠠᠯᠲᠠ ᠤᠰᠤ ᠴᠠᠬᠢᠯᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠴᠢᠩᠬᠤᠸᠠ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ 10 ᠨᠢᠭᠡᠴᠢ ᠲᠠᠢ ᠬᠤᠯᠪᠤᠭᠠᠯᠠᠨ᠂ ᠥᠪᠥᠷ ᠮᠣᠩᠭᠤᠯ ᠤᠨ ᠬᠠᠲᠤᠨ ᠭᠤᠤᠯ ᠤᠨ ᠰᠠᠪᠠ ᠭᠠᠵᠠᠷ ᠤᠨ ᠪᠣᠷᠣᠭᠠᠨ ᠦᠶᠡᠷ ᠤᠨ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠵᠤ ᠬᠠᠮᠲᠤ ᠪᠠᠷ ᠬᠡᠷᠡᠭᠵᠢᠭᠦᠯᠬᠦ ᠪᠤᠯᠤᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ