ᠮᠠᠨ ᠤ ᠤᠯᠤᠰ ᠤᠨ ᠰᠦᠯᠵᠢᠶᠡᠨ ᠢᠷᠭᠡᠨ 10.92 ᠳ᠋ᠦᠩᠰᠢᠭᠤᠷ ᠲᠤ ᠬᠦᠷᠴᠡᠶ
ᠨᠡᠶᠢᠲᠡᠯᠡᠭᠰᠡᠨ ᠴᠠᠭ᠄
2024/3/27
    ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠲᠥᠪ ︵CNNIC︶ 22 ᠤᠨ ᠡᠳᠦᠷ ᠪᠡᠭᠡᠵᠢᠩ ᠳᠤ 53 ᠳ᠋ᠤᠭᠠᠷ ᠤᠳᠠᠭ᠎ᠠ ᠶᠢᠨ ︽ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠬᠥᠭᠵᠢᠯᠲᠡ ᠶᠢᠨ ᠪᠠᠶᠢᠳᠠᠯ ᠤᠨ ᠪᠦᠷᠢᠳᠭᠡᠯ ᠤᠨ ᠮᠡᠳᠡᠭᠦᠯᠦᠯᠲᠡ︾  ᠶᠢ ᠨᠡᠶᠢᠲᠡᠯᠡᠪᠡ᠃ ᠮᠡᠳᠡᠭᠦᠯᠦᠯᠲᠡ ᠳᠤ ᠬᠠᠷᠠᠭᠤᠯᠤᠬᠰᠡᠨ ᠢᠶᠠᠷ᠂ 2023 ᠣᠨ ᠤ 12 ᠰᠠᠷ᠎ᠠ ᠪᠣᠯᠲᠠᠯ᠎ᠠ᠂ ᠮᠠᠨ ᠤ ᠤᠯᠤᠰ ᠤᠨ ᠰᠦᠯᠵᠢᠶᠡᠨ ᠢᠷᠭᠡᠨ ᠤ ᠲᠤᠭ᠎ᠠ 10.92 ᠳ᠋ᠦᠩᠰᠢᠭᠤᠷ ᠲᠤ ᠬᠦᠷᠴᠦ᠂ 2022 ᠣᠨ ᠤ 12 ᠰᠠᠷ᠎ᠠ ᠶᠢᠨ ᠬᠢ ᠠᠴᠠ 2480 ᠲᠦᠮᠡᠨ ᠰᠦᠯᠵᠢᠶᠡᠨ ᠢᠷᠭᠡᠨ ᠰᠢᠨ᠎ᠡ ᠪᠠᠷ ᠨᠡᠮᠡᠭᠳᠡᠵᠦ᠂ ᠢᠨᠲ᠋ᠧᠷ ᠰᠦᠯᠵᠢᠶᠡᠨ ᠤ ᠲᠦᠭᠡᠮᠡᠯᠵᠢᠭᠰᠡᠨ ᠨᠣᠷᠮ᠎ᠠ 77.5% ᠳᠤ ᠬᠦᠷᠴᠡᠶ᠃    ᠰᠦᠯᠵᠢᠶᠡᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠂ 2023 ᠣᠨ ᠤ 12 ᠰᠠᠷ᠎ᠠ ᠪᠣᠯᠲᠠᠯ᠎ᠠ᠂ IPv6 ᠶᠢᠨ ᠬᠠᠶ᠋ᠢᠭ ᠤᠨ ᠲᠤᠭ᠎ᠠ ᠨᠢ 68042 ᠬᠡᠰᠡᠭ / 32 ᠪᠠᠶᠢᠵᠤ᠂ ᠤᠯᠤᠰ ᠤᠨ ᠳᠡᠭᠡᠳᠦ ᠲᠠᠰ ᠤᠨ ᠰᠦᠯᠵᠢᠶᠡᠨ ᠤ ᠨᠡᠷ᠎ᠡ ︽.CN︾ ᠶᠢᠨ ᠲᠤᠭ᠎ᠠ ᠨᠢ 2013 ᠲᠦᠮᠡ ᠪᠠᠶᠢᠵᠤ᠂ ᠢᠨᠲ᠋ᠧᠷ ᠰᠦᠯᠵᠢᠶᠡᠨ ᠤ ᠥᠷᠭᠡᠨ ᠪᠦᠰᠡ ᠶᠢᠨ ᠵᠠᠯᠭᠠᠯᠲᠠ ᠶᠢᠨ ᠦᠵᠦᠭᠦᠷᠯᠢᠭ ᠤᠨ ᠲᠤᠭ᠎ᠠ ᠨᠢ 11.36 ᠳ᠋ᠦᠩᠰᠢᠭᠤᠷ ᠲᠤ ᠬᠦᠷᠴᠡᠶ︔ 5G ᠰᠠᠭᠤᠷᠢ ᠥᠷᠲᠡᠭᠡ ᠶᠢ ᠨᠡᠶᠢᠲᠡ 337.7 ᠲᠦᠮᠡ ᠪᠠᠶᠢᠭᠤᠯᠵᠤ᠂ ᠪᠣᠶ ᠪᠥᠬᠦᠶ ᠲᠤᠰᠬᠠᠶ ᠣᠷᠣᠨ ᠤ ᠲᠠᠰ ᠤᠨ ᠬᠤᠲᠠ ᠶᠢᠨ ᠲᠣᠭᠤᠷᠢᠭ᠂ ᠰᠢᠶᠠᠨ ᠤ ᠬᠤᠲᠠ ᠶᠢᠨ ᠲᠣᠭᠤᠷᠢᠭ ᠢ ᠬᠠᠮᠤᠷᠪᠠ᠃ 5G ᠪᠠ ᠮᠢᠩᠭᠠᠨ ᠮᠤᠭ᠎ᠠ ᠬᠡᠷᠡᠯᠯᠢᠭ ᠰᠦᠯᠵᠢᠶ᠎ᠡ ᠪᠠᠷ ᠪᠦᠷᠢᠯᠳᠦᠭᠰᠡᠨ ︽ᠬᠤᠤᠰ ᠮᠢᠩᠭᠠᠨ ᠮᠤᠭ᠎ᠠ︾  ᠶᠢᠨ ᠰᠦᠯᠵᠢᠶ᠎ᠡ ᠨᠢ ᠣᠶᠤᠨᠳᠤ ᠦᠢᠯᠡᠳᠬᠦ ᠦᠢᠯᠡᠰ᠂ ᠤᠶᠤᠨᠲᠤ ᠬᠤᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠵᠢᠭᠤᠯᠴᠢᠯᠠᠯ ᠵᠡᠷᠭᠡ ᠡᠯ᠎ᠡ ᠬᠦᠷᠢᠶᠡᠨ ᠳᠠᠬᠢ ᠰᠢᠨ᠎ᠡ ᠶᠢ ᠡᠭᠦᠳᠦᠨ ᠬᠥᠭᠵᠢᠬᠦ ᠶᠢ ᠪᠥᠬᠦ ᠲᠠᠯ᠎ᠠ ᠪᠠᠷ ᠳᠠᠶᠢᠴᠢᠯᠠᠪᠠ᠃   ᠮᠡᠳᠡᠭᠦᠯᠦᠯᠲᠡ ᠳᠤ᠂ 2023 ᠣᠨ ᠳᠤ᠂ ᠮᠠᠨ ᠤ ᠤᠯᠤᠰ ᠮᠡᠳᠡᠭᠡ ᠵᠠᠩᠭᠢᠵᠢᠯᠲᠠ ᠶᠢᠨ ᠦᠢᠯᠡᠴᠢᠯᠡᠭᠡ ᠶᠢ ᠲᠦᠭᠡᠮᠡᠯᠵᠢᠬᠦᠯᠬᠦ ᠶᠢ ᠦᠷᠭᠦᠯᠵᠢᠯᠡᠨ ᠲᠦᠷᠭᠡᠳᠭᠡᠵᠦ᠂ ᠲᠣᠭᠠᠨ ᠤ ᠵᠦᠷᠢᠶ᠎ᠠ ᠵᠠᠭᠠᠭ ᠢ ᠪᠠᠭᠠᠰᠬᠠᠪᠠ᠃ ᠤᠯᠠᠨ ᠨᠡᠶᠢᠲᠡ ᠶᠢᠨ ᠦᠢᠯᠡᠴᠢᠯᠡᠭᠡᠨ ᠤ ᠲᠦᠷᠦᠯ ᠤᠨ ᠬᠡᠷᠡᠭᠯᠡᠭᠡ ᠶᠢ ᠪᠦᠷᠬᠦᠬᠦᠯᠬᠦ ᠶᠢ ᠲᠦᠷᠭᠡᠳᠭᠡᠵᠦ᠂ ᠰᠦᠯᠵᠢᠶ᠎ᠡ ᠪᠠᠷ ᠲᠦᠷᠢᠶᠡᠰᠦᠨ ᠲᠡᠷᠭᠡ ᠪᠣᠯᠵᠣᠬᠤ᠂ ᠢᠨᠲ᠋ᠧᠷ ᠰᠦᠯᠵᠢᠶᠡᠨ ᠤ ᠡᠮᠴᠢᠯᠡᠭᠡᠨ ᠤ ᠬᠡᠷᠡᠭᠯᠡᠭᠴᠢ ᠶᠢᠨ ᠬᠡᠪᠴᠢᠶ᠎ᠡ ᠢᠯᠡᠳᠲᠡ ᠨᠡᠮᠡᠭᠳᠡᠵᠦ᠂ 2022 ᠣᠨ ᠤ 12 ᠰᠠᠷ᠎ᠠ ᠶᠢᠨ ᠬᠢ ᠠᠴᠠ ᠲᠤᠰ ᠲᠤᠰ 9057 ᠲᠦᠮᠡᠨ ᠬᠥᠮᠦᠨ᠂ 5139 ᠲᠦᠮᠡᠨ ᠬᠥᠮᠦᠨ ᠨᠡᠮᠡᠭᠳᠡᠵᠦ᠂ ᠨᠡᠮᠡᠭᠳᠡᠯ ᠤᠨ ᠨᠤᠷᠮ᠎ᠠ ᠨᠢ ᠲᠤᠰ ᠲᠤᠰ 20.7%᠂ 14.2% ᠪᠣᠯᠪᠠ᠃ ᠣᠶᠤᠨᠳᠤ ᠠᠶᠠᠯᠠᠯ᠂ ᠣᠶᠤᠨᠳᠤ ᠡᠮᠴᠢᠯᠡᠭᠡ ᠵᠡᠷᠭᠡ ᠶᠢᠨ ᠦᠷᠭᠦᠯᠵᠢᠯᠡᠬᠦ ᠬᠥᠭᠵᠢᠯᠲᠡ ᠨᠢ ᠰᠦᠯᠵᠢᠶᠡᠨ  ᠢᠷᠭᠡᠨ ᠤ ᠲᠣᠭᠠᠴᠢᠯᠠᠭᠰᠠᠨ ᠠᠮᠢᠳᠤᠷᠠᠯ ᠢ ᠨᠡᠩ ᠵᠣᠯ ᠵᠢᠷᠭᠠᠯ ᠲᠠᠢ ᠪᠣᠯᠭᠠᠵᠠᠢ ᠭᠡᠵᠤ ᠵᠢᠭᠠᠵᠤ ᠭᠠᠷᠭᠠᠪᠠ᠃   ᠡᠭᠦᠨ ᠤ ᠵᠡᠷᠭᠡ ᠪᠠᠷ᠂ ᠮᠠᠨ ᠤ ᠤᠯᠤᠰ ᠤᠨ ᠢᠨᠲ᠋ᠧᠷ ᠰᠦᠯᠵᠢᠶᠡᠨ ᠤ ᠬᠡᠷᠡᠭᠯᠡᠭᠡ ᠦᠷᠭᠦᠯᠵᠢᠯᠡᠨ ᠬᠥᠭᠵᠢᠵᠦ᠂ ᠰᠢᠨ᠎ᠡ ᠮᠠᠶ᠋ᠢᠭ ᠤᠨ ᠬᠡᠷᠡᠭᠯᠡᠭᠡᠨ ᠤ ᠳᠠᠯᠳᠠ ᠬᠦᠴᠦᠨ ᠬᠦᠭᠵᠢᠨ ᠪᠠᠳᠠᠷᠠᠵᠤ ᠪᠠᠶᠢᠨ᠎ᠠ᠃ ᠮᠡᠳᠡᠭᠦᠯᠦᠯᠲᠡ ᠳᠤ ᠬᠠᠷᠠᠭᠤᠯᠤᠬᠰᠡᠨ ᠢᠶᠠᠷ᠂ 2023 ᠣᠨ ᠤ 12 ᠰᠠᠷ᠎ᠠ ᠪᠣᠯᠲᠠᠯ᠎ᠠ᠂ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠤᠷᠢᠳᠴᠢᠯᠠᠨ ᠵᠠᠬᠢᠶᠠᠯᠠᠭᠰᠠᠨ ᠬᠡᠷᠡᠭᠯᠡᠭᠴᠢ ᠶᠢᠨ ᠬᠡᠪᠴᠢᠶ᠎ᠡ 5.09 ᠳ᠋ᠦᠩᠰᠢᠭᠤᠷ ᠲᠤ ᠬᠦᠷᠴᠦ᠂ 2022 ᠣᠨ ᠤ 12 ᠰᠠᠷ᠎ᠠ ᠶᠢᠨ ᠬᠢ ᠠᠴᠠ 8629 ᠲᠦᠮᠡᠨ ᠬᠥᠮᠦᠨ ᠨᠡᠮᠡᠭᠳᠡᠨ᠂ ᠨᠡᠮᠡᠭᠳᠡᠯ ᠤᠨ ᠨᠣᠷᠮ᠎ᠠ ᠨᠢ 20.4% ᠳᠤ ᠬᠦᠷᠴᠡᠶ᠃ ᠬᠦᠨᠵᠡᠭᠡᠢ ᠪᠡᠶᠡᠴᠢᠯᠡᠨ ᠤᠶᠢᠯᠠᠭᠠᠬᠤ ᠮᠠᠶ᠋ᠢᠭ ᠤᠨ ᠵᠢᠭᠤᠯᠴᠢᠯᠠᠯ᠂ ᠰᠣᠶᠣᠯ ᠵᠢᠭᠤᠯᠴᠢᠯᠠᠯ ᠵᠡᠷᠭᠡ ᠪᠠᠷ ᠣᠨᠴᠠᠯᠢᠭ ᠪᠣᠯᠭᠠᠭᠰᠠᠨ ᠰᠤᠶᠤᠯ ᠵᠢᠭᠤᠯᠴᠢᠯᠠᠯ ᠨᠢ ᠶᠠᠭ ᠡᠯ᠎ᠡ ᠭᠠᠵᠠᠷ ᠤᠨ ᠢᠳᠡᠪᠬᠢᠲᠡᠶ ᠪᠠᠷ ᠪᠤᠶᠢᠵᠢᠭᠤᠯᠬᠤ ᠬᠡᠷᠡᠭᠯᠡᠭᠡ ᠶᠢᠨ ᠨᠡᠮᠡᠭᠳᠡᠯ ᠤᠨ ᠴᠡᠭ ᠪᠣᠯᠵᠣ ᠪᠠᠶᠢᠨ᠎ᠠ᠃ ᠡᠭᠦᠨ ᠠᠴᠠ ᠭᠠᠳᠠᠨ᠎ᠠ᠂ ᠤᠯᠤᠰ ᠤᠨ ᠪᠠᠷᠠᠭᠠᠨ ᠤ ︽ᠤᠷᠤᠰᠬᠠᠯ ᠪᠤᠯᠤᠬᠰᠠᠨ ᠦᠢᠯᠡᠳᠬᠦᠨ︾ ᠨᠢ ᠦᠷᠭᠦᠯᠵᠢᠯᠡᠨ ᠰᠠᠭᠤᠭᠠᠯᠢ ᠠᠷᠠᠳ ᠤᠨ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠬᠡᠷᠡᠭᠯᠡᠭᠡ ᠶᠢᠨ ᠴᠢᠬᠤᠯᠠ ᠪᠦᠷᠢᠯᠳᠦᠬᠦᠨ ᠪᠣᠯᠵᠣ᠂ ᠣᠶᠢᠷ᠎ᠠ ᠶᠢᠨ ᠬᠠᠭᠠᠰ ᠵᠢᠯ ᠳᠤ ᠰᠦᠯᠵᠢᠶᠡᠨ ᠳᠡᠭᠡᠷ᠎ᠡ ᠠᠴᠠ ᠤᠯᠤᠰ ᠤᠨ ᠪᠠᠷᠠᠭᠠᠨ ᠤ ︽ᠤᠷᠤᠰᠬᠠᠯ ᠪᠤᠯᠤᠬᠰᠠᠨ ᠦᠢᠯᠡᠳᠬᠦᠨ︾ ᠬᠤᠳᠠᠯᠳᠤᠨ ᠠᠪᠤᠭᠰᠠᠨ ᠬᠡᠷᠡᠭᠯᠡᠭᠴᠢ ᠶᠢᠨ ᠡᠵᠡᠯᠡᠬᠦ ᠬᠠᠷᠢᠴᠠᠯ ᠨᠢ 58.3% ᠳᠤ ᠬᠦᠷᠴᠡᠶ᠃ᠣᠶᠢᠯᠠᠭᠠᠭᠰᠠᠨ ᠢᠶᠠᠷ᠂ 1997 ᠣᠨ ᠠᠴᠠ ᠡᠬᠢᠯᠡᠨ᠂ CNNIC ᠠᠴᠠ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠬᠥᠭᠵᠢᠯᠲᠡ ᠶᠢᠨ ᠪᠠᠶᠢᠳᠠᠯ ᠤᠨ ᠲᠤᠬᠠᠶ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠢᠯ ᠪᠦᠷᠢ ᠶᠢᠨ ᠵᠢᠯ ᠤᠨ ᠡᠬᠢᠨ ᠳᠤ ᠪᠠ ᠵᠢᠯ ᠤᠨ ᠳᠤᠮᠳᠠᠴᠢ ᠪᠠᠷ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠯᠲᠡ ᠨᠡᠶᠢᠲᠡᠯᠡᠬᠦ ᠵᠤᠷᠰᠢᠯ ᠢ ᠪᠣᠶ ᠪᠣᠯᠭᠠᠵᠤ᠂ ᠮᠠᠨ ᠤ ᠤᠯᠤᠰ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠢᠯ ᠲᠥᠷᠥᠯ ᠤᠨ ᠪᠠᠶᠢᠭᠤᠯᠤᠮᠵᠢ᠂ ᠲᠤᠰᠬᠠᠶ ᠮᠡᠷᠭᠡᠵᠢᠯᠲᠡᠨ ᠡᠷᠳᠡᠮᠲᠡᠨ ᠨᠡᠷ ᠤᠨ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠬᠥᠭᠵᠢᠯᠲᠡ ᠶᠢᠨ ᠪᠠᠶᠢᠳᠠᠯ ᠢ ᠣᠶᠢᠯᠠᠭᠠᠬᠤ ᠴᠢᠬᠤᠯᠠ ᠯᠠᠪᠯᠠᠯᠲᠠ ᠪᠣᠯᠤᠭᠰᠠᠨ ᠪᠠᠶᠢᠨ᠎ᠠ᠃   ︵ᠰᠢᠨᠬᠤᠸᠠ ᠬᠤᠷᠢᠶ᠎ᠠ ᠶᠢᠨ ᠪᠡᠬᠡᠵᠢᠩ ᠤᠨ 3 ᠰᠠᠷ᠎ᠠ ᠶᠢᠨ 22 ᠤᠨ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ