ᠡᠨᠡ ᠵᠢᠯ ᠮᠠᠨ ᠤ ᠤᠷᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠨ᠎ᠠ
ᠨᠡᠶᠢᠲᠡᠯᠡᠭᠰᠡᠨ ᠴᠠᠭ᠄
2024/3/27
    ᠤᠰᠤ ᠠᠷᠪᠢᠯᠠᠬᠤ ᠠᠵᠢᠯᠯᠠᠭ᠎ᠠ ᠶᠢ ᠠᠬᠢᠭᠤᠯᠵᠤ ᠪᠥᠬᠦ ᠣᠷᠣᠨ ᠤ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢ ᠳᠡᠭᠡᠭᠰᠢᠯᠡᠭᠦᠯᠬᠦ ᠶᠢᠨ ᠲᠦᠯᠦᠭᠡ᠂ ᠲᠦᠷᠦᠬᠦᠬᠡᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠪᠤᠯᠤᠨ ᠦᠪᠡᠷᠲᠡᠭᠡᠨ ᠵᠠᠰᠠᠬᠤ ᠤᠷᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠨ ᠬᠡᠷᠡᠭᠯᠡᠬᠦ ᠠᠵᠢᠯ ᠤᠨ ᠲᠢᠩᠬᠢᠮ ᠤᠨ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠶᠢᠨ 2024 ᠣᠨ ᠤ ᠠᠵᠢᠯ ᠤᠨ ᠭᠤᠤᠯᠳᠠᠯᠭ᠎ᠠ︾ ᠶᠢ ᠳᠠᠷᠤᠮᠠᠯᠯᠠᠨ ᠲᠠᠷᠬᠠᠭᠠᠵᠤ᠂ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠪᠠᠶᠢᠷᠢᠯᠠᠭᠤᠯᠪᠠ᠃   ᠡᠨᠡ ᠬᠦ ᠳᠤᠯᠤᠭᠠᠨ ᠲᠠᠯ᠎ᠠ ᠶᠢᠨ ᠭᠤᠤᠯᠳᠠᠯᠭ᠎ᠠ ᠲᠠᠢ ᠠᠵᠢᠯ ᠳᠤ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠨ ᠤᠰᠤᠨ ᠠᠰᠢᠭᠯᠠᠯᠲᠠ ᠶᠢᠨ ᠶᠠᠮᠤᠨ ᠪᠤᠯᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠴᠢᠬᠤᠯᠠ ᠶᠡᠭᠡ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠨᠤᠲᠠᠯᠠᠵᠤ ᠬᠢᠨᠠᠨ ᠪᠠᠶᠢᠴᠠᠭᠠᠬᠤ ᠪᠠ ᠤᠰᠤ ᠲᠠᠲᠠᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠪᠣᠭᠤᠮᠲᠠ ᠶᠢ ᠴᠢᠩᠭ᠎ᠠ ᠠᠳᠬᠤᠨ᠂ ᠪᠥᠬᠦ ᠣᠷᠣᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠵᠤ᠂ ᠲᠦᠮᠡᠨ ᠲᠥᠭᠦᠷᠢᠭ ᠤᠨ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠪᠠᠶᠠᠯᠠᠬᠦᠯᠬᠦ ᠪᠦᠷᠢ ᠳᠤ ᠬᠡᠷᠡᠭᠯᠡᠬᠦ ᠤᠰᠤᠨ ᠤ ᠬᠡᠮᠵᠢᠶ᠎ᠡ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠪᠠᠶᠠᠯᠠᠬᠦᠯᠬᠦ ᠪᠦᠷᠢ ᠳᠤ ᠬᠡᠷᠡᠭᠯᠡᠬᠦ ᠤᠰᠤᠨ ᠤ ᠬᠡᠮᠵᠢᠶ᠎ᠡ ᠶᠢ ᠲᠣᠰ ᠲᠣᠰ 2020 ᠣᠨ ᠤ ᠬᠢ ᠠᠴᠠ 9% ᠪᠠ 10% ᠪᠠᠷ ᠪᠠᠭᠤᠷᠠᠭᠤᠯᠤᠨ᠎ᠠ︔ ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠰᠠᠶᠢᠲᠤᠷ ᠠᠳᠬᠤᠵᠤ᠂ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠦᠷᠭᠦᠯᠵᠢᠯᠡᠨ ᠪᠦᠳᠦᠬᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠶᠢᠨ ᠢᠨᠵᠧᠨᠧᠷᠢᠩ ᠢ ᠲᠦᠷᠭᠡᠳᠭᠡᠨ᠂ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠶᠢ 6100 ᠲᠦᠮᠡᠨ ᠮᠥ ᠣᠷᠴᠢᠮ ᠳᠤ ᠬᠦᠷᠭᠡᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠭᠡᠮᠵᠢ ᠶᠢ 0.582 ᠳᠤ ᠬᠦᠷᠭᠡᠨ᠎ᠠ︔ ᠠᠵᠤ ᠦᠢᠯᠡᠳᠪᠦᠷᠢ ᠶᠢᠨ ᠤᠰᠤ ᠠᠷᠪᠢᠯᠡᠵᠤ ᠭᠠᠳᠠᠭᠰᠢᠯᠠᠭᠤᠯᠤᠯᠲᠠ ᠶᠢ ᠪᠠᠭᠠᠰᠬᠠᠬᠤ ᠠᠵᠢᠯ ᠢ ᠰᠠᠶᠢᠲᠤᠷ ᠬᠢᠵᠦ᠂ ᠬᠠᠭᠤᠴᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠤᠰᠤ ᠠᠷᠪᠢᠯᠠᠬᠤ ᠥᠭᠡᠷᠡᠴᠢᠯᠡᠯᠲᠡ ᠶᠢ ᠬᠦᠨᠵᠡᠭᠡᠶᠢᠷᠡᠬᠦᠯᠦᠨ᠎ᠡ︔ ᠬᠤᠲᠠ ᠪᠠᠯᠭᠠᠰᠤ ᠶᠢᠨ ᠤᠰᠤ ᠠᠷᠪᠢᠯᠠᠵᠤ ᠰᠦᠢᠳᠦᠯ ᠢ ᠪᠠᠭᠠᠰᠬᠠᠬᠤ ᠶᠢ ᠠᠬᠢᠭᠤᠯᠵᠤ᠂ ᠤᠰᠤ ᠠᠷᠪᠢᠯᠠᠬᠤ ᠬᠡᠯᠪᠡᠷᠢ ᠶᠢᠨ ᠬᠤᠲᠠ ᠪᠠ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ᠂ ᠣᠯᠠᠨ ᠨᠡᠶᠢᠲᠡ ᠶᠢᠨ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠵᠡᠷᠭᠡ ᠤᠰᠤ ᠠᠷᠪᠢᠯᠠᠬᠤ ᠠᠴᠢᠶᠠᠯᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠡᠯ᠎ᠡ ᠠᠶᠢᠮᠠᠭ ᠬᠤᠲᠠ ᠶᠢᠨ 80% ᠠᠴᠠ ᠳᠡᠭᠡᠭᠰᠢᠬᠢ᠂ ᠪᠤᠰᠤᠳ ᠠᠶᠢᠮᠠᠭ ᠬᠤᠲᠠ ᠶᠢᠨ 65% ᠠᠴᠠ ᠳᠡᠭᠡᠭᠰᠢᠬᠢ ᠬᠤᠰᠢᠭᠤ ᠰᠢᠶᠠᠨ ︵ᠬᠤᠲᠠ᠂ ᠲᠣᠭᠤᠷᠢᠭ︶ ᠢ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠨ᠎ᠠ︔ ᠭᠤᠤᠯᠳᠠᠯᠭ᠎ᠠ ᠲᠠᠢ ᠭᠠᠵᠠᠷ ᠣᠷᠣᠨ ᠤ ᠤᠰᠤ ᠠᠷᠪᠢᠯᠠᠵᠤ ᠡᠬᠢ ᠰᠤᠷᠪᠤᠯᠵᠢ ᠶᠢ ᠨᠡᠭᠡᠭᠡᠬᠦ ᠳᠤ ᠴᠢᠭᠯᠡᠭᠦᠯᠦᠨ ᠬᠡᠲᠦᠷᠡᠲᠡᠯ᠎ᠡ ᠤᠰᠤ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠲᠥᠰᠦᠯ ᠢ ᠲᠣᠭᠲᠠᠭᠠᠵᠤ᠂ ᠪᠤᠬᠢᠷ ᠤᠰᠤ ᠶᠢ ᠰᠶᠢᠳᠪᠦᠷᠢᠯᠡᠨ ᠠᠰᠢᠭᠯᠠᠬᠤ ᠢᠨᠵᠧᠨᠧᠷᠢᠩ ᠪᠠ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠬᠡᠪ ᠤᠨ ᠪᠤᠰᠤ ᠤᠰᠤᠨ ᠰᠤᠷᠪᠤᠯᠵᠢ ᠶᠢ ᠤᠰᠤᠨ ᠤ ᠡᠬᠢ ᠪᠠᠶᠠᠯᠢᠭ ᠲᠤ ᠣᠷᠣᠭᠤᠯᠤᠨ ᠨᠢᠭᠡᠳᠦᠯᠲᠡᠶ ᠳᠣᠭᠢᠷᠠᠭᠤᠯᠵᠤ᠂ ᠪᠥᠬᠦ ᠣᠷᠣᠨ ᠤ ᠬᠡᠪ ᠤᠨ ᠪᠤᠰᠤ ᠤᠰᠤᠨ ᠰᠤᠷᠪᠤᠯᠵᠢ ᠶᠢᠨ ᠠᠰᠢᠭᠯᠠᠯᠲᠠ ᠶᠢᠨ ᠬᠡᠮᠵᠢᠶ᠎ᠡ ᠶᠢ 6.6 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠤᠤᠷ᠎ᠠ ᠪᠠᠶᠢᠯᠭᠠᠬᠤ ᠥᠬᠡᠶ ᠪᠤᠯᠭᠠᠨ᠎ᠠ︔ ᠤᠰᠤ ᠠᠷᠪᠢᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠥᠷᠨᠢᠭᠦᠯᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠤᠨ ᠲᠤᠨᠤᠭᠯᠠᠯ ᠵᠢᠴᠢ ᠤᠰᠤ ᠠᠷᠪᠢᠯᠠᠬᠤ ᠭᠡᠷᠡᠲᠦ ᠬᠠᠮᠢᠶᠠᠷᠤᠯᠲᠠ ᠶᠢᠨ ᠦᠢᠯᠡᠴᠢᠯᠡᠭᠡᠨ ᠤ ᠵᠠᠭᠪᠤᠷ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ ︔ ᠤᠰᠤ ᠠᠷᠪᠢᠯᠠᠬᠤ ᠤᠬᠠᠭᠤᠯᠭ᠎ᠠ ᠶᠢ ᠴᠢᠩᠭᠠᠳᠬᠠᠨ᠂ ᠤᠰᠤ ᠠᠷᠪᠢᠯᠠᠭᠰᠠᠨ ᠨᠡᠶᠢᠳᠡᠯᠢᠭ ᠵᠢᠱᠢᠶ᠎ᠡ ᠶᠢ ᠳ᠋ᠦᠩᠨᠡᠨ ᠳᠡᠯᠭᠡᠷᠡᠭᠦᠯᠵᠦ ︽ᠤᠰᠤ ᠠᠷᠪᠢᠯᠠᠬᠤ ᠵᠢᠭᠡᠯᠡᠯᠭᠡ︾  ᠶᠢᠨ ᠪᠠᠯᠠ ᠬᠤᠷᠠᠮᠳᠤᠭᠤᠯᠭ᠎ᠠ ᠶᠢᠨ ᠦᠢᠯᠡᠴᠢᠯᠡᠭᠡ ᠶᠢ ᠳᠡᠯᠭᠡᠷᠡᠭᠦᠯᠦᠨ᠎ᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ