ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 27 ᠤ ᠴᠠᠭᠢᠯᠭᠠᠨ ᠮᠡᠳᠡᠭᠡ 3 ᠰᠠᠷ᠎ᠠ ᠶᠢᠨ 27 ᠤ ᠡᠳᠦᠷ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠮᠧᠷᠢᠺᠠ ᠶᠢᠨ ᠦᠢᠯᠡᠳᠪᠦᠷᠢ ᠬᠤᠳᠠᠯᠳᠤᠭᠠᠨ ᠤ ᠡᠲᠡᠭᠡᠳ ᠪᠣᠯᠣᠨ | ᠪᠠᠶᠢᠯᠳᠤᠬᠤ ᠪᠣᠳᠣᠯᠭ᠎ᠠ ᠶᠢᠨ ᠡᠷᠳᠡᠮ ᠰᠢᠨᠵᠢᠯᠡᠭᠡᠨ ᠤ ᠡᠲᠡᠭᠡᠳ ᠤᠨ ᠲᠥᠯᠥᠭᠡᠯᠡᠭᠴᠢᠳ ᠲᠠᠢ ᠬᠠᠮᠲᠤ ᠠᠭᠤᠯᠵᠠᠪᠠ᠃ | | | | | | 3 ᠰᠠᠷ᠎ᠠ ᠶᠢᠨ 27 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠠᠮᠧᠷᠢᠺᠠ ᠶᠢᠨ ᠦᠢᠯᠡᠳᠪᠦᠷᠢ ᠬᠤᠳᠠᠯᠳᠤᠭᠠᠨ ᠤ ᠡᠲᠡᠭᠡᠳ ᠪᠣᠯᠣᠨ ᠪᠠᠶᠢᠯᠳᠤᠬᠤ ᠪᠣᠳᠣᠯᠭ᠎ᠠ ᠶᠢᠨ ᠡᠷᠳᠡᠮ ᠰᠢᠨᠵᠢᠯᠡᠭᠡᠨ ᠤ ᠡᠲᠡᠭᠡᠳ ᠤᠨ | ᠲᠥᠯᠥᠭᠡᠯᠡᠭᠴᠢᠳ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ | | ᠰᠢ ᠶᠢᠨ ᠫᠢᠩ ᠠᠮᠧᠷᠢᠺᠠ ᠶᠢᠨ ᠦᠢᠯᠡᠳᠪᠦᠷᠢ ᠬᠤᠳᠠᠯᠳᠤᠭᠠᠨ ᠤ ᠡᠲᠡᠭᠡᠳ ᠪᠣᠯᠣᠨ ᠪᠠᠶᠢᠯᠳᠤᠬᠤ ᠪᠣᠳᠣᠯᠭ᠎ᠠ ᠶᠢᠨ ᠡᠷᠳᠡᠮ ᠰᠢᠨᠵᠢᠯᠡᠭᠡᠨ ᠤ | ᠡᠲᠡᠭᠡᠳ ᠤᠨ ᠬᠢᠨ ᠤ ᠳᠡᠯᠭᠡᠷᠡᠬᠦ ᠬᠠᠪᠤᠷ ᠢᠶᠠᠷ ᠳᠤᠮᠳᠠᠳᠤ ᠤᠯᠤᠰ ᠲᠤ ᠠᠶᠢᠯᠴᠢᠯᠠᠬᠰᠠᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠰᠢ ᠶᠢᠨ | ᠫᠢᠩ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠨᠢᠭᠡ ᠪᠣᠯᠣᠨ᠎ᠠ᠃ | ᠳᠤᠮᠳᠠᠳᠤ ᠠᠮᠧᠷᠢᠺᠠ ᠬᠤᠶᠠᠷ ᠤᠯᠤᠰ ᠬᠠᠮᠲᠤᠷᠠᠯᠴᠠᠬᠤ ᠶᠤᠮ ᠦᠦ ᠡᠰᠡᠬᠦᠯ᠎ᠡ ᠡᠰᠡᠷᠭᠦᠴᠡᠯᠳᠦᠬᠦ ᠶᠤᠮ ᠦᠦ ᠭᠡᠳᠡᠭ ᠨᠢ ᠬᠤᠶᠠᠷ ᠤᠯᠤᠰ ᠤᠨ ᠠᠷᠠᠳ | ᠲᠦᠮᠡᠨ ᠤ ᠪᠤᠶᠠᠨ ᠵᠢᠷᠭᠠᠯ ᠪᠣᠯᠣᠨ ᠬᠥᠮᠥᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠲᠠᠢ ᠬᠤᠯᠪᠣᠭᠳᠠᠨ᠎ᠠ᠃ ᠳᠤᠮᠳᠠᠳᠤ ᠠᠮᠧᠷᠢᠺᠠ ᠶᠢᠨ ᠲᠤᠰ | ᠲᠤᠰ ᠤᠨ ᠠᠮᠵᠢᠯᠲᠠ ᠪᠣᠯ ᠬᠠᠷᠢᠯᠴᠠᠨ ᠠᠵᠠ ᠲᠣᠭᠢᠶᠠᠯ ᠪᠤᠯᠳᠠᠭ᠃ ᠬᠤᠶᠠᠷ ᠲᠠᠯ᠎ᠠ ᠪᠠᠷ ᠢᠶᠠᠨ ᠴᠥᠮ ᠨᠦᠭᠦᠭᠡ ᠡᠲᠡᠭᠡᠳ ᠢᠶᠠᠨ ᠬᠠᠨᠢᠲᠠᠨ ᠢᠶᠠᠷ ᠦᠵᠡᠵᠦ᠂ | ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠭᠦᠷᠳᠡᠪᠡᠯ᠂ ᠳᠤᠮᠳᠠᠳᠤ | ᠠᠮᠧᠷᠢᠺᠠ ᠶᠢᠨ ᠬᠠᠷᠢᠯᠴᠠᠭ᠎ᠠ ᠳᠠᠷᠤᠢ ᠰᠠᠶᠢᠵᠢᠷᠠᠬᠤ ᠶᠤᠮ᠃ ᠡᠨᠡ ᠵᠢᠯ ᠪᠣᠯ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ | ᠪᠣᠯᠣᠨ᠎ᠠ᠃ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠲᠡᠦᠬᠡ ᠪᠣᠯ ᠬᠤᠶᠠᠷ ᠤᠯᠤᠰ ᠤᠨ ᠠᠷᠠᠳ ᠲᠦᠮᠡᠨ ᠤ ᠨᠥᠭᠦᠷᠰᠡᠭ ᠶᠠᠪᠤᠯᠴᠠᠭᠠᠨ ᠤ ᠲᠡᠦᠬᠡ | ᠮᠥᠨ᠂ ᠥᠩᠭᠡᠷᠡᠭᠰᠡᠨ ᠳᠤ ᠠᠷᠠᠳ ᠲᠦᠮᠡᠨ ᠳᠤ ᠲᠦᠰᠢᠭᠯᠡᠨ ᠪᠢᠴᠢᠭᠯᠡᠵᠦ᠂ ᠢᠷᠡᠭᠡᠳᠦᠢ ᠳᠤ ᠨᠡᠩ ᠴᠤ ᠠᠷᠠᠳ ᠲᠦᠮᠡᠨ ᠳᠤ ᠲᠦᠰᠢᠭᠯᠡᠨ ᠡᠭᠦᠳᠦᠨ | ᠪᠦᠲᠦᠭᠡᠬᠦ ᠬᠡᠷᠡᠭᠲᠡᠢ᠃ ᠳᠤᠮᠳᠠᠳᠤ ᠤᠯᠤᠰ ᠲᠤ ᠰᠠᠶᠢᠨ ᠢ ᠰᠤᠷᠬᠤᠶᠠ ᠤᠷᠭᠢᠯ ᠳᠤ ᠠᠪᠠᠷᠢᠬᠤ ᠮᠡᠲᠦ ᠪᠡᠷᠬᠡ᠂ ᠮᠠᠭᠤ ᠶᠢ ᠰᠤᠷᠬᠤᠶᠠ ᠴᠠᠰᠤᠨ ᠢᠪᠡᠷᠡᠬᠦ | ᠮᠡᠲᠦ ᠭᠢᠯᠪᠠᠷ ᠭᠡᠳᠡᠭ ᠦᠭᠡ ᠪᠠᠶᠢᠳᠠᠭ᠃ ᠬᠤᠶᠠᠷ ᠤᠯᠤᠰ ᠤᠨ ᠡᠯ᠎ᠡ ᠡᠲᠡᠭᠡᠳ ᠤᠨ ᠬᠥᠮᠥᠰ ᠢᠯᠡᠭᠦᠬᠡᠨ ᠶᠠᠪᠤᠯᠴᠠᠵᠤ᠂ ᠢᠯᠡᠭᠦᠬᠡᠨ ᠰᠣᠯᠢᠯᠴᠠᠵᠤ᠂ | ᠲᠠᠰᠤᠷᠠᠯᠲᠠ ᠦᠭᠡᠢ ᠬᠠᠮᠲᠤ ᠶᠢᠨ ᠲᠠᠨᠢᠯᠲᠠ ᠪᠠᠨ ᠬᠤᠷᠠᠮᠳᠤᠭᠤᠯᠵᠤ᠂ ᠢᠲᠡᠭᠡᠯᠴᠡᠭᠡ ᠪᠠᠨ ᠨᠡᠮᠡᠭᠳᠡᠭᠦᠯᠵᠦ᠂ ᠡᠯ᠎ᠡ ᠵᠦᠢᠯ ᠤᠨ ᠬᠠᠷᠰᠢ ᠰᠠᠭᠠᠳ ᠢ | ᠠᠷᠢᠯᠭᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠦᠨᠡᠨ | ᠪᠣᠳᠠᠲᠠᠢ ᠪᠤᠶᠠᠨ ᠦᠢᠯᠡᠳᠴᠦ᠂ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠭᠤᠨ ᠴᠢᠨᠠᠷ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠰᠢ ᠶᠢᠨ ᠫᠢᠩ ᠠᠮᠧᠷᠢᠺᠠ ᠶᠢᠨ ᠲᠠᠯ᠎ᠠ ᠶᠢᠨ ᠲᠥᠯᠥᠭᠡᠯᠡᠭᠴᠢᠳ ᠤᠨ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠳᠡᠳᠡᠨ ᠤ ᠬᠠᠯᠠᠮᠵᠢᠯᠠᠵᠤ | ᠪᠠᠶᠢᠭ᠎ᠠ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃ | ᠰᠢ ᠶᠢᠨ ᠫᠢᠩ᠂ ᠳᠤᠮᠳᠠᠳᠤ ᠤᠯᠤᠰ ᠤᠨ ᠠᠵᠤ ᠠᠬᠤᠢ ᠪᠣᠯ ᠡᠷᠡᠭᠦᠯ ᠪᠥᠭᠡᠳ ᠦᠷᠭᠦᠯᠵᠢᠯᠡᠬᠦ ᠴᠢᠨᠠᠷᠲᠠᠢ ᠶᠤᠮ᠃ ᠨᠢᠳᠤᠨᠤᠨ ᠳᠤᠮᠳᠠᠳᠤ ᠤᠯᠤᠰ ᠤᠨ | ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠶᠢᠨ ᠳᠣᠲᠣᠷ᠎ᠠ ᠡᠮᠦᠨ᠎ᠡ ᠡᠩᠨᠡᠭᠡᠨ ᠳᠤ ᠣᠷᠣᠵᠤ | ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠦᠷᠭᠦᠯᠵᠢᠯᠡᠨ 30% ᠶᠢ ᠳᠠᠪᠠᠪᠠ᠂ ᠡᠭᠦᠨ ᠢ | ᠳᠤᠮᠳᠠᠳᠤ ᠤᠯᠤᠰ ᠤᠨ ᠠᠷᠠᠳ ᠲᠦᠮᠡᠨ ᠬᠢᠵᠦ ᠪᠦᠲᠦᠭᠡᠭᠰᠡᠨ ᠪᠥᠭᠡᠳ ᠤᠯᠠᠨ ᠤᠯᠤᠰ ᠤᠨ ᠬᠠᠮᠲᠤᠷᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ᠃ | ᠳᠤᠮᠳᠠᠳᠤ ᠤᠯᠤᠰ ᠤᠨ ᠬᠥᠭᠵᠢᠯᠲᠡ ᠡᠯ᠎ᠡ ᠵᠦᠢᠯ ᠤᠨ ᠬᠦᠴᠢᠷ ᠪᠡᠷᠬᠡᠰᠢᠶᠡᠯ ᠥᠷᠢᠰᠦᠯᠳᠦᠭᠡᠨ ᠢ ᠥᠩᠭᠡᠷᠡᠭᠡᠭᠡᠳ ᠰᠠᠶ᠋ᠢ ᠥᠨᠥᠳᠥᠷ ᠲᠤ ᠬᠦᠷᠴᠡᠢ᠂ | ᠥᠩᠭᠡᠷᠡᠭᠰᠡᠨ ᠳᠤ ︽ᠳᠤᠮᠳᠠᠳᠤ ᠤᠯᠤᠰ ᠰᠦᠢᠷᠡᠬᠦ ᠤᠨᠤᠯ︾ ᠠᠴᠠ ᠪᠣᠯᠵᠤ ᠰᠦᠢᠷᠡᠭᠰᠡᠨ ᠦᠭᠡᠢ᠂ ᠤᠳᠤ ᠴᠤ ︽ᠳᠤᠮᠳᠠᠳᠤ ᠤᠯᠤᠰ ᠤᠷᠭᠢᠯ ᠳᠠᠭᠠᠨ | ᠲᠤᠯᠤᠭᠰᠠᠨ ᠤᠨᠤᠯ︾ ᠠᠴᠠ ᠪᠣᠯᠵᠤ ᠤᠷᠭᠢᠯ ᠳᠠᠭᠠᠨ ᠲᠤᠯᠬᠤ ᠶᠤᠮ ᠪᠢᠰᠢ᠃ ᠪᠢᠳᠡ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠢ ᠲᠠᠰᠤᠷᠠᠯᠲᠠ ᠦᠭᠡᠢ | ᠨᠠᠩ ᠰᠠᠶᠢᠨ ᠠᠮᠢᠳᠤᠷᠠᠭᠤᠯᠬᠤ ᠪᠥᠭᠡᠳ ᠪᠠᠰᠠ ᠳᠡᠯᠡᠬᠡᠢ ᠶᠢᠨ ᠦᠷᠭᠦᠯᠵᠢᠯᠡᠬᠦ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃ ᠳᠤᠮᠳᠠᠳᠤ | ᠤᠯᠤᠰ ᠤᠨ ᠬᠥᠭᠵᠢᠯᠲᠡ ᠶᠢᠨ ᠢᠷᠡᠭᠡᠳᠦᠢ ᠪᠣᠯ ᠭᠡᠭᠡᠨ ᠰᠠᠷᠠᠭᠤᠯ ᠶᠤᠮ᠂ ᠪᠢᠳᠡ ᠢᠲᠡᠭᠡᠯ ᠲᠡᠭᠦᠯᠳᠡᠷ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠲᠣᠮᠣ ᠠᠯᠬᠤᠮ ᠢᠶᠠᠷ ᠴᠠᠭ ᠦᠶ᠎ᠡ ᠶᠢ ᠬᠥᠭᠡᠭᠡᠵᠦ | ᠭᠦᠢᠴᠡᠬᠦ ᠴᠢᠬᠤᠯᠠ ᠡᠷᠳᠡᠨᠢ ᠮᠥᠨ᠃ ᠳᠤᠮᠳᠠᠳᠤ ᠤᠯᠤᠰ ᠤᠨ ᠥᠭᠡᠷᠡᠴᠢᠯᠡᠯᠲᠡ ᠵᠣᠭᠰᠣᠰᠢ ᠦᠭᠡᠢ ᠶᠤᠮ᠂ ᠨᠡᠭᠡᠭᠡᠯᠲᠡ ᠵᠣᠭᠰᠣᠰᠢ ᠦᠭᠡᠢ ᠶᠤᠮ᠃ | ᠪᠢᠳᠡ ᠶᠠᠭ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠯᠢ ᠤᠯᠠᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠥᠯᠥᠪᠵᠢᠭᠦᠯᠦᠨ | ᠬᠡᠷᠡᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ | ᠦᠷᠭᠦᠯᠵᠢᠯᠡᠨ ᠪᠠᠶᠢᠭᠤᠯᠵᠤ᠂ ᠠᠮᠧᠷᠢᠺᠠ ᠶᠢᠨ ᠠᠵᠤ ᠠᠬᠤᠶᠢᠯᠠᠯ ᠢ ᠪᠠᠭᠲᠠᠭᠠᠭᠰᠠᠨ ᠡᠯ᠎ᠡ ᠤᠯᠤᠰ ᠤᠨ ᠠᠵᠤ ᠠᠬᠤᠶᠢᠯᠠᠯ ᠳᠤ ᠨᠡᠩ ᠥᠷᠭᠡᠨ ᠠᠭᠤᠳᠠᠮ | ᠬᠥᠭᠵᠢᠯᠲᠡ ᠶᠢᠨ ᠣᠷᠣᠨ ᠵᠠᠢ ᠬᠠᠩᠭᠠᠵᠤ ᠪᠠᠶᠢᠨ᠎ᠠ᠃ ᠳᠤᠮᠳᠠᠳᠤ ᠠᠮᠧᠷᠢᠺᠠ ᠶᠢᠨ ᠠᠵᠤ ᠠᠬᠤᠢ ᠠᠷᠠᠯᠵᠢᠶᠠᠨ ᠤ ᠬᠠᠷᠢᠯᠴᠠᠭ᠎ᠠ ᠶᠢᠨ ᠣᠶᠢᠷ᠎ᠠ ᠶᠢᠨ ᠵᠢᠯ ᠳᠤ | ᠢᠯᠡᠷᠡᠭᠰᠡᠨ ᠰᠢᠨ᠎ᠡ ᠪᠠᠶᠢᠳᠠᠯ ᠰᠢᠨ᠎ᠡ ᠬᠤᠪᠢᠷᠠᠯᠲᠠ ᠶᠢᠨ ᠡᠮᠦᠨ᠎ᠡ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ᠂ ᠬᠠᠷᠢᠯᠴᠠᠨ ᠬᠠᠷᠠᠭᠠᠯᠵᠠᠵᠤ | ᠬᠠᠷᠢᠯᠴᠠᠨ ᠠᠰᠢᠭᠲᠠᠢ ᠪᠠᠶᠢᠬᠤ᠂ ᠡᠷᠬᠡ ᠲᠡᠭᠰᠢ ᠪᠠᠷ ᠵᠥᠪᠳᠡᠯᠴᠡᠬᠦ ᠶᠢ ᠪᠠᠷᠢᠮᠲᠠᠯᠠᠵᠤ᠂ ᠠᠵᠤ ᠠᠬᠤᠢ ᠶᠢᠨ ᠵᠢᠮ᠎ᠡ ᠶᠣᠰᠣ ᠪᠣᠯᠣᠨ ᠵᠠᠬ᠎ᠠ ᠳᠡᠯᠭᠡᠭᠦᠷ ᠤᠨ | ᠳᠦᠷᠢᠮ ᠶᠣᠰᠣᠭᠠᠷ ᠠᠵᠢᠯᠯᠠᠵᠤ᠂ ᠠᠵᠤ ᠠᠬᠤᠢ ᠠᠷᠠᠯᠵᠢᠶᠠᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠨ ᠭᠦᠨᠵᠡᠭᠡᠶᠢᠷᠡᠭᠦᠯᠵᠦ᠂ ᠲᠤᠰ | ᠲᠤᠰ ᠤᠨ ᠢᠶᠠᠨ ᠬᠥᠭᠵᠢᠯᠲᠡ ᠶᠢᠨ ᠡᠷᠬᠡ ᠶᠢ ᠭᠦᠨᠳᠦᠳᠭᠡᠵᠦ᠂ ᠳᠤᠮᠳᠠᠳᠤ ᠠᠮᠧᠷᠢᠺᠠ ᠶᠢᠨ ᠬᠠᠮᠲᠤ ᠪᠠᠷ ᠠᠰᠢᠭ ᠭᠦᠷᠳᠡᠭᠦ ᠪᠠ ᠳᠡᠯᠡᠬᠡᠢ ᠳ᠋ᠠᠬᠢᠨ ᠤ | ᠬᠠᠮᠲᠤ ᠪᠠᠷ ᠠᠰᠢᠭ ᠭᠦᠷᠳᠡᠭᠦ ᠶᠢ ᠬᠥᠭᠡᠭᠡᠴᠡᠯᠳᠦᠬᠦ ᠬᠡᠷᠡᠭᠲᠡᠢ᠃ ᠠᠮᠧᠷᠢᠺᠠ ᠶᠢᠨ ᠠᠵᠤ ᠠᠬᠤᠶᠢᠯᠠᠯ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠵᠡᠷᠭᠡ ᠲᠣᠮᠣ | ᠭᠡᠯᠪᠡᠷᠢ ᠶᠢᠨ ᠠᠵᠤ ᠠᠬᠤᠢ ᠠᠷᠠᠯᠵᠢᠶᠠᠨ ᠤ ᠠᠵᠢᠯᠯᠠᠭ᠎ᠠ ᠳᠤ ᠨᠠᠩ ᠣᠯᠠᠨ ᠣᠷᠣᠯᠴᠠᠵᠤ᠂ ᠦᠷᠭᠦᠯᠵᠢᠯᠡᠨ ᠳᠤᠮᠳᠠᠳᠤ ᠤᠯᠤᠰ ᠲᠤ ᠪᠡᠯᠡ ᠣᠷᠣᠭᠤᠯᠵᠤ᠂ | ᠳᠤᠮᠳᠠᠳᠤ ᠤᠯᠤᠰ ᠲᠤ ᠦᠨᠳᠦᠰᠦᠯᠡᠵᠦ᠂ ᠳᠤᠮᠳᠠᠳᠤ ᠤᠯᠤᠰ ᠲᠤ ᠠᠰᠢᠭ ᠭᠦᠷᠳᠡᠭᠦ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠬᠡᠳᠦᠨ ᠵᠢᠯ ᠳᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠴᠥᠭᠡᠨ ᠪᠤᠰᠤ ᠨᠤᠭᠤᠷᠠᠯ ᠪᠦᠳᠦᠷᠢᠯ ᠢ ᠥᠩᠭᠡᠷᠡᠭᠦᠯᠵᠦ᠂ ᠪᠠᠰᠠ | ᠬᠦᠨᠳᠦ ᠨᠣᠴᠢᠲᠠᠢ ᠥᠷᠢᠰᠦᠯᠳᠦᠭᠡᠨ ᠳᠤ ᠲᠤᠯᠭᠠᠷᠠᠵᠤ ᠥᠩᠭᠡᠷᠡᠪᠡ᠂ ᠡᠭᠦᠨ ᠤ ᠰᠤᠷᠭᠠᠮᠵᠢ ᠶᠢ ᠰᠢᠩᠭᠡᠬᠡᠨ ᠠᠪᠤᠭᠤᠰᠢᠲᠠᠢ ᠶᠤᠮ᠃ ᠳᠤᠮᠳᠠᠳᠤ | ᠠᠮᠧᠷᠢᠺᠠ ᠶᠢᠨ ᠬᠠᠷᠢᠯᠴᠠᠭ᠎ᠠ ᠥᠩᠭᠡᠷᠡᠭᠰᠡᠨ ᠳᠡᠭᠡᠨ ᠪᠤᠴᠠᠵᠤ ᠳᠡᠶᠢᠯᠭᠦ ᠦᠭᠡᠢ ᠪᠤᠯᠪᠠᠴᠤ ᠨᠡᠩ ᠰᠠᠶᠢᠨ ᠰᠠᠶᠢᠬᠠᠨ ᠢᠷᠡᠭᠡᠳᠦᠢ ᠲᠠᠢ ᠪᠤᠯᠬᠤ ᠶᠤᠮ᠃ | ᠨᠢᠳᠤᠨᠤᠨ ᠪᠢ ᠶᠡᠷᠦᠩᠬᠡᠶᠢᠯᠡᠭᠴᠢ ᠪᠠᠶᠢᠳᠧᠨ ᠲᠠᠢ ᠰᠠᠨ ᠹᠷᠠᠨᠰᠢᠰᠺᠤ ᠳᠤ ᠠᠭᠤᠯᠵᠠᠭᠰᠠᠨ ᠤ ᠬᠠᠮᠤᠭ ᠤᠨ ᠶᠡᠭᠡ ᠬᠠᠮᠲᠤ ᠶᠢᠨ ᠲᠠᠨᠢᠯᠲᠠ ᠪᠣᠯ ᠳᠤᠮᠳᠠᠳᠤ | ᠠᠮᠧᠷᠢᠺᠠ ᠶᠢᠨ ᠬᠠᠷᠢᠴᠠᠭ᠎ᠠ ᠶᠢ ᠲᠣᠭᠲᠠᠪᠤᠷᠢᠵᠢᠭᠤᠯᠵᠤ᠂ ᠰᠠᠶᠢᠵᠢᠷᠠᠭᠤᠯᠬᠤ ᠶᠠᠪᠤᠳᠠᠯ ᠪᠣᠯᠣᠨ᠎ᠠ᠃ ᠥᠩᠭᠡᠷᠡᠭᠰᠡᠨ ᠬᠡᠳᠦᠨ ᠰᠠᠷ᠎ᠠ ᠳᠤ᠂ ᠬᠤᠶᠠᠷ ᠲᠠᠯ᠎ᠠ ᠶᠢᠨ | ᠪᠦᠯᠭᠦᠮ ᠮᠢᠨᠤ ᠶᠡᠷᠦᠩᠬᠡᠶᠢᠯᠡᠭᠴᠢ ᠪᠠᠶᠢᠳᠧᠨ ᠲᠠᠢ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠢᠨ ᠲᠣᠭᠤᠷᠢᠨ ᠳᠤ᠂ ᠤᠯᠤᠰ ᠲᠦᠷᠦ ᠶᠢᠨ ᠭᠠᠳᠠᠭᠠᠳᠤ | ᠬᠠᠷᠢᠯᠴᠠᠭ᠎ᠠ᠂ ᠠᠵᠤ ᠠᠬᠤᠢ ᠠᠷᠠᠯᠵᠢᠶ᠎ᠠ ᠡᠳ᠋ ᠤᠨ ᠵᠠᠰᠠᠭ ᠮᠥᠩᠭᠦᠨ ᠭᠦᠢᠯᠭᠡᠭᠡ᠂ ᠬᠠᠤᠯᠢ ᠬᠡᠷᠡᠭᠵᠢᠭᠦᠯᠵᠦ ᠬᠤᠣᠷ ᠴᠠᠭᠠᠵᠠᠯᠠᠬᠤ᠂ ᠠᠭᠤᠷ | ᠠᠮᠢᠰᠬᠤᠯ ᠤᠨ ᠬᠤᠪᠢᠷᠠᠯᠲᠠ᠂ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ ᠡᠯ᠎ᠡ ᠬᠦᠷᠢᠶᠡᠨ ᠳᠤ ᠣᠯᠣᠯᠴᠠᠭ᠎ᠠ ᠪᠠᠨ ᠪᠠᠲᠤᠯᠠᠵᠤ᠂ ᠠᠬᠢᠴᠠ ᠲᠠᠢ ᠪᠣᠯᠪᠠ᠃ | ᠣᠳᠣᠬᠠᠨ ᠤ ᠪᠠᠶᠢᠳᠠᠯ ᠳᠣᠣᠷ᠎ᠠ ᠳᠤᠮᠳᠠᠳᠤ ᠠᠮᠧᠷᠢᠺᠠ ᠶᠢᠨ ᠬᠠᠮᠲᠤ ᠶᠢᠨ ᠠᠰᠢᠭ ᠲᠤᠰᠠ ᠪᠠᠭᠠᠰᠤᠭᠰᠠᠨ ᠪᠢᠰᠢ ᠬᠠᠷᠢᠨ ᠨᠡᠩ ᠤᠯᠠᠨ ᠪᠣᠯᠤᠭᠰᠠᠨ ᠪᠠᠶᠢᠨ᠎ᠠ | ᠃ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ ᠵᠡᠷᠭᠡ ᠤᠯᠠᠮᠵᠢᠯᠠᠯᠲᠤ ᠬᠦᠷᠢᠶ᠎ᠡ ᠭᠡᠰᠡᠨ ᠴᠦ᠂ ᠡᠰᠡᠬᠦᠯ᠎ᠡ ᠠᠭᠤᠷ ᠠᠮᠢᠰᠬᠤᠯ ᠤᠨ ᠬᠤᠪᠢᠷᠠᠯᠲᠠ᠂ | ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶ᠎ᠡ ᠭᠡᠰᠡᠨ ᠴᠦ᠂ ᠳᠤᠮᠳᠠᠳᠤ ᠠᠮᠧᠷᠢᠺᠠ ᠨᠦᠭᠦᠭᠡ ᠲᠠᠯ᠎ᠠ ᠶᠢᠨ ᠢᠶᠠᠨ | ᠬᠥᠭᠵᠢᠯᠲᠡ ᠶᠢᠨ ᠬᠦᠴᠦᠨ ᠪᠤᠯᠬᠤ ᠶᠣᠰᠣᠲᠠᠢ᠂ ᠬᠠᠷᠢᠨ ᠬᠠᠷᠰᠢ ᠰᠠᠭᠠᠳ ᠪᠣᠯᠵᠤ ᠪᠤᠯᠬᠤ ᠦᠭᠡᠢ᠃ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠶᠢ | ᠠᠬᠢᠭᠤᠯᠵᠤ᠂ ᠳᠡᠯᠡᠬᠡᠢ ᠶᠢᠨ ᠪᠠ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠳᠤ ᠴᠥᠮ ᠳᠤᠮᠳᠠᠳᠤ ᠠᠮᠧᠷᠢᠺᠠ ᠶᠢᠨ ᠵᠣᠬᠢᠴᠠᠭᠤᠯᠭ᠎ᠠ | ᠬᠠᠮᠲᠤᠷᠠᠯᠴᠠᠭ᠎ᠠ ᠶᠢ ᠱᠠᠭᠠᠷᠳᠠᠵᠤ᠂ ᠲᠣᠮᠣ ᠤᠯᠤᠰ ᠤᠨ ᠬᠡᠬᠦᠳᠡᠭ ᠴᠡᠭᠡᠵᠢ ᠲᠠᠢ ᠪᠠᠶᠢᠵᠤ᠂ ᠲᠣᠮᠣ ᠤᠯᠤᠰ ᠤᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | ᠠᠮᠧᠷᠢᠺᠠ ᠶᠢᠨ ᠲᠠᠯ᠎ᠠ ᠶᠢᠨ ᠬᠢᠨ ᠳᠤᠮᠳᠠᠳᠤ ᠤᠯᠤᠰ ᠲᠠᠢ ᠠᠳᠠᠯᠢ ᠴᠢᠭᠯᠡᠯ ᠢᠶᠠᠷ ᠤᠷᠤᠭᠰᠢᠯᠠᠵᠤ᠂ ᠵᠥᠪ ᠪᠠᠶᠢᠯᠳᠤᠬᠤ ᠪᠣᠳᠣᠯᠭ᠎ᠠ ᠶᠢᠨ ᠲᠠᠨᠢᠯᠲᠠ ᠶᠢ ᠪᠤᠢ | ᠪᠤᠯᠭᠠᠵᠤ᠂ ᠰᠡᠷᠭᠡᠭ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠪᠠᠭᠤᠷᠠᠯᠲᠠ ᠶᠢ ᠵᠣᠭᠰᠣᠭᠠᠵᠤ | ᠲᠣᠭᠲᠠᠭᠤᠨ ᠪᠠᠶᠢᠬᠤ ᠬᠠᠨᠳᠤᠰᠢ ᠶᠢ ᠪᠠᠲᠤᠯᠠᠵᠤ᠂ ᠵᠥᠪ ᠢᠶᠠᠷ ᠬᠠᠷᠢᠯᠴᠠᠬᠤ ᠵᠠᠮ ᠢ ᠢᠳᠡᠪᠬᠢᠲᠡᠢ ᠰᠦᠪᠡᠭᠴᠢᠯᠡᠵᠦ᠂ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠶᠢᠨ ᠦᠷᠭᠦᠯᠵᠢᠯᠡᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠪᠠᠯ ᠵᠣᠬᠢᠨ᠎ᠠ ᠭᠡᠵᠦ ᠴᠢᠬᠤᠯᠠᠴᠢᠯᠠᠪᠠ᠃ | ᠠᠮᠧᠷᠢᠺᠠ ᠳᠤᠮᠳᠠᠳᠤ ᠶᠢᠨ ᠬᠠᠷᠢᠯᠴᠠᠭᠠᠨ ᠤ ᠪᠦᠭᠦ ᠤᠯᠤᠰ ᠤᠨ ᠵᠥᠪᠯᠡᠯ ᠤᠨ ᠬᠡᠷᠡᠭ ᠮᠡᠳᠡᠭᠴᠢᠳ ᠤᠨ ᠬᠤᠷᠠᠯ ᠤᠨ ᠲᠡᠷᠢᠭᠦᠯᠡᠭᠴᠢ ᠭᠧᠯᠢᠨᠪᠦᠭᠧ᠂ | ᠾᠧᠢ ᠱᠢ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠪᠥᠭᠡᠳ ᠲᠡᠷᠢᠭᠦᠨ ᠭᠦᠢᠴᠡᠳᠭᠡᠭᠴᠢ ᠲᠤᠰᠢᠶᠠᠯᠲᠠᠨ ᠰᠦ᠋ ᠱᠢ ᠮᠢᠨ᠂ ᠭᠤᠤ ᠲᠦᠩ | ᠺᠤᠮᠫᠠᠨᠢ ᠶᠢᠨ ᠶᠡᠷᠦᠩᠬᠡᠢ ᠵᠠᠬᠢᠷᠤᠭᠴᠢ ᠪᠥᠭᠡᠳ ᠲᠡᠷᠢᠭᠦᠨ ᠭᠦᠢᠴᠡᠳᠭᠡᠭᠴᠢ ᠲᠤᠰᠢᠶᠠᠯᠲᠠᠨ ᠠᠨᠮᠧᠩ᠂ ᠬᠠᠹᠧᠷᠳ᠋ ᠶᠡᠭᠡ ᠰᠤᠷᠭᠠᠭᠤᠯᠢ ᠶᠢᠨ ᠺᠧᠨᠨᠢᠳᠢ | ᠵᠠᠰᠠᠭ ᠤᠨ ᠣᠷᠳᠣᠨ ᠤ ᠳᠡᠭᠡᠳᠦ ᠰᠤᠷᠭᠠᠭᠤᠯᠢ ᠶᠢᠨ ᠡᠭᠦᠰᠬᠡᠨ ᠪᠠᠶᠢᠭᠤᠯᠤᠭᠰᠠᠨ ᠵᠠᠬᠢᠷᠤᠯ ᠠᠶᠢᠯᠢᠰᠧᠨ᠂ ᠠᠮᠧᠷᠢᠺᠠ ᠳᠤᠮᠳᠠᠳᠤ ᠶᠢᠨ ᠠᠷᠠᠯᠵᠢᠶᠠᠨ ᠤ ᠪᠦᠭᠦ | ᠤᠯᠤᠰ ᠤᠨ ᠵᠥᠪᠯᠡᠯ ᠤᠨ ᠳᠠᠷᠤᠭ᠎ᠠ ᠠᠶᠢᠯᠦᠨ ᠵᠡᠷᠭᠡ ᠠᠮᠧᠷᠢᠺᠠ ᠶᠢᠨ ᠲᠠᠯ᠎ᠠ ᠶᠢᠨ ᠲᠥᠯᠥᠭᠡᠯᠡᠭᠴᠢ ᠶᠠᠷᠢᠶᠠᠨ ᠳᠠᠭᠠᠨ ᠲᠡᠷᠢᠭᠦᠯᠡᠭᠴᠢ ᠰᠢ ᠶᠢᠨ ᠫᠢᠩ ᠤᠨ | ᠴᠠᠭ ᠭᠠᠷᠭᠠᠵᠤ ᠠᠭᠤᠯᠵᠠᠭᠰᠠᠨ ᠳᠤ ᠲᠠᠯᠠᠷᠬᠠᠪᠠ᠃ ᠲᠡᠳᠡ᠂ ᠥᠩᠭᠡᠷᠡᠭᠰᠡᠨ ᠬᠡᠳᠦᠨ ᠠᠷᠪᠠᠨ ᠵᠢᠯ ᠤᠨ ᠲᠤᠷᠰᠢ᠂ ᠳᠤᠮᠳᠠᠳᠤ ᠤᠯᠤᠰ ᠶᠡᠷᠦ ᠪᠤᠰᠤ ᠶᠢᠨ | ᠠᠵᠤ ᠠᠬᠤᠢ ᠶᠢᠨ ᠨᠡᠮᠡᠭᠳᠡᠯ ᠪᠣᠯᠣᠨ ᠭᠡᠯᠪᠡᠷᠢ ᠶᠢ ᠬᠤᠪᠢᠷᠠᠭᠤᠯᠬᠤ ᠶᠢ ᠪᠡᠶᠡᠯᠡᠭᠦᠯᠵᠦ᠂ ᠬᠦᠴᠦᠷᠬᠡᠭ ᠶᠡᠭᠡ ᠤᠶᠠᠨ ᠬᠠᠳᠠᠨ ᠴᠢᠨᠠᠷ ᠪᠣᠯᠣᠨ ᠠᠮᠢᠵᠢᠷᠠᠯ ᠤᠨ | ᠬᠦᠴᠦᠨ ᠢ ᠢᠯᠡᠷᠡᠭᠦᠯᠪᠡ᠃ ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠴᠢᠷᠮᠠᠶᠢᠵᠤ᠂ ᠨᠡᠩ ᠦᠷᠭᠦᠯᠵᠢᠯᠡᠬᠦ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠪᠡ᠃ ᠳᠤᠮᠳᠠᠳᠤ | ᠤᠯᠤᠰ ᠤᠨ ᠠᠷᠠᠳ ᠲᠦᠮᠡᠨ ᠤ ᠬᠥᠭᠵᠢᠯᠲᠡ ᠶᠢᠨ ᠡᠷᠬᠡ ᠬᠦᠨᠳᠦᠳᠬᠡᠭᠳᠡᠬᠦ ᠶᠣᠰᠣᠲᠠᠢ᠃ ᠳᠤᠮᠳᠠᠳᠤ ᠤᠯᠤᠰ ᠲᠤᠰ ᠪᠡᠶ᠎ᠡ ᠶᠢᠨ ᠬᠥᠭᠵᠢᠯᠲᠡ ᠶᠢᠨ | ᠬᠠᠷᠠᠯᠲᠠ ᠪᠠᠨ ᠪᠡᠶᠡᠯᠡᠭᠦᠯᠵᠦ᠂ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠪᠣᠯᠣᠨ ᠠᠭᠤᠰᠤᠯᠴᠠᠯ ᠢ ᠠᠬᠢᠭᠤᠯᠬᠤ ᠶᠢ ᠢᠲᠡᠭᠡᠵᠦ ᠪᠠᠶᠢᠨ᠎ᠠ᠃ | ᠬᠦᠴᠦᠷᠬᠡᠭ ᠶᠡᠭᠡ᠂ ᠴᠡᠴᠡᠭᠯᠡᠨ ᠬᠥᠭᠵᠢᠭᠰᠡᠨ ᠳᠤᠮᠳᠠᠳᠤ ᠤᠯᠤᠰ ᠪᠣᠯ ᠳᠡᠯᠡᠬᠡᠢ ᠳ᠋ᠠᠬᠢᠨ ᠤ ᠢᠳᠡᠪᠬᠢ ᠬᠦᠴᠦᠨ ᠮᠥᠨ᠃ ᠠᠮᠧᠷᠢᠺᠠ ᠳᠤᠮᠳᠠᠳᠤ ᠶᠢᠨ ᠠᠵᠤ | ᠠᠬᠤᠢ ᠶᠢᠨ ᠬᠠᠷᠢᠯᠴᠠᠭ᠎ᠠ ᠨᠢᠭᠲᠠ ᠲᠦᠰᠢᠯᠴᠡᠨ ᠣᠷᠣᠰᠢᠵᠤ᠂ ᠬᠤᠶᠠᠷ ᠤᠯᠤᠰ ᠭᠠᠭᠴᠠ ᠬᠦ ᠨᠠᠶᠢᠷᠠᠮᠳᠠᠯ ᠢᠶᠠᠷ ᠵᠡᠷᠭᠡᠴᠡᠨ ᠣᠷᠣᠰᠢᠪᠠᠯ ᠰᠠᠶ᠋ᠢ ᠲᠤᠰ | ᠲᠤᠰ ᠤᠨ ᠬᠥᠭᠵᠢᠯ ᠴᠡᠴᠡᠭᠯᠡᠯ ᠢᠶᠠᠨ ᠪᠡᠶᠡᠯᠡᠭᠦᠯᠵᠦ ᠴᠢᠳᠠᠨ᠎ᠠ᠃ ︽ᠰᠢᠦᠺᠢᠳᠢᠳ ᠤᠨ ᠤᠨᠠᠭᠤᠯᠢ︾ ᠨᠢ ᠵᠠᠶᠢᠯᠠᠰᠢ ᠦᠭᠡᠢ ᠪᠢᠰᠢ᠃ ᠠᠮᠧᠷᠢᠺᠠ ᠶᠢᠨ ᠠᠵᠤ | ᠠᠬᠤᠶᠢᠯᠠᠯ ᠤᠨ ᠬᠢᠨ ᠣᠶᠢᠷ᠎ᠠ ᠶᠢᠨ ᠬᠤᠭᠤᠴᠠᠭᠠᠨ ᠳᠤ ᠳᠤᠮᠳᠠᠳᠤ ᠤᠯᠤᠰ ᠤᠨ ᠲᠣᠭᠲᠠᠭᠠᠭᠰᠠᠨ ᠤᠯᠠᠮ ᠴᠢᠨᠠᠭᠰᠢᠳᠠ ᠥᠭᠡᠷᠡᠴᠢᠯᠡᠯᠲᠡ ᠨᠡᠭᠡᠭᠡᠯᠲᠡ ᠬᠢᠬᠦ | ᠠᠯᠢ ᠤᠯᠠᠨ ᠴᠢᠬᠤᠯᠠ ᠠᠷᠭ᠎ᠠ ᠬᠡᠮᠵᠢᠶ᠎ᠡ ᠶᠢ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠠᠯᠤᠰ | ᠢᠷᠡᠭᠡᠳᠦᠢ ᠳᠤ ᠢᠲᠡᠭᠡᠯ ᠲᠠᠢ ᠪᠠᠶᠢᠵᠤ᠂ ᠡᠷᠡᠰ ᠭᠤᠶᠢᠪᠢᠰᠢ ᠦᠭᠡᠢ ᠪᠠᠷ ᠳᠤᠮᠳᠠᠳᠤ ᠤᠯᠤᠰ ᠲᠤ ᠦᠷᠭᠦᠯᠵᠢᠯᠡᠨ ᠦᠨᠳᠦᠰᠦᠯᠡᠵᠦ᠂ ᠳᠤᠮᠳᠠᠳᠤ | ᠤᠯᠤᠰ ᠯᠤᠭ᠎ᠠ ᠤᠷᠳᠤ ᠬᠤᠭᠤᠴᠠᠭᠠᠨ ᠤ ᠨᠢᠭᠲᠠ ᠬᠠᠮᠲᠤᠷᠠᠯᠴᠠᠭᠠᠨ ᠤ ᠬᠠᠷᠢᠯᠴᠠᠭ᠎ᠠ ᠶᠢ ᠬᠥᠭᠵᠢᠭᠦᠯᠦᠨ᠎ᠡ᠃ ᠲᠡᠷᠢᠭᠦᠯᠡᠭᠴᠢ ᠰᠢ ᠶᠢᠨ ᠫᠢᠩ | ᠶᠡᠷᠦᠩᠬᠡᠶᠢᠯᠡᠭᠴᠢ ᠪᠠᠶᠢᠳᠧᠨ ᠲᠠᠢ ᠨᠢᠳᠤᠨᠤᠨ ᠤ 11 ᠰᠠᠷ᠎ᠠ ᠳᠤ ᠰᠠᠨ ᠹᠷᠠᠨᠰᠢᠰᠺᠦ ᠳᠤ ᠠᠮᠵᠢᠯᠲᠠ ᠲᠠᠢ ᠠᠭᠤᠯᠵᠠᠯᠲᠠ ᠬᠢᠵᠦ᠂ ᠠᠮᠧᠷᠢᠺᠠ ᠶᠢᠨ ᠡᠯ᠎ᠡ | ᠡᠲᠡᠭᠡᠳ ᠪᠣᠯᠣᠨ ᠳᠡᠯᠡᠬᠡᠢ ᠶᠢᠨ ᠠᠮᠧᠷᠢᠺᠠ ᠳᠤᠮᠳᠠᠳᠤ ᠶᠢᠨ ᠬᠠᠷᠢᠯᠴᠠᠭᠠᠨ ᠤ ᠢᠷᠡᠭᠡᠳᠦᠢ ᠶᠢᠨ ᠲᠤᠬᠠᠢ ᠵᠢᠱᠢᠯᠲᠡ ᠪᠣᠯᠣᠨ ᠢᠲᠡᠭᠡᠯ ᠢ ᠬᠥᠪᠴᠢᠯᠡᠪᠡ᠃ | ᠠᠮᠧᠷᠢᠺᠠ ᠶᠢᠨ ᠦᠢᠯᠡᠳᠪᠦᠷᠢ ᠬᠤᠳᠠᠯᠳᠤᠭᠠᠨ ᠤ ᠡᠲᠡᠭᠡᠳ ᠪᠣᠯᠣᠨ ᠪᠠᠶᠢᠯᠳᠤᠬᠤ ᠪᠣᠳᠣᠯᠭ᠎ᠠ ᠶᠢᠨ ᠡᠷᠳᠡᠮ ᠰᠢᠨᠵᠢᠯᠡᠭᠡᠨ ᠤ ᠡᠲᠡᠭᠡᠳ ᠠᠮᠧᠷᠢᠺᠠ ᠳᠤᠮᠳᠠᠳᠤ | ᠬᠤᠶᠠᠷ ᠲᠠᠯ᠎ᠠ ᠶᠢᠨ ᠬᠢᠨ ᠡᠯ᠎ᠡ ᠲᠡᠰ ᠳᠠᠪᠬᠤᠷᠭ᠎ᠠ ᠶᠢᠨ ᠶᠠᠪᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠬᠤ ᠶᠢ ᠲᠡᠮᠵᠢᠵᠤ᠂ ᠣᠶᠢᠯᠠᠭᠠᠯᠴᠠᠭ᠎ᠠ᠂ ᠢᠲᠡᠭᠡᠯᠴᠡᠭᠡ | ᠪᠣᠯᠣᠨ ᠬᠠᠮᠲᠤᠷᠠᠯᠴᠠᠭ᠎ᠠ ᠪᠠᠨ ᠨᠡᠮᠡᠭᠳᠡᠭᠦᠯᠵᠦ᠂ ᠭᠠᠷ ᠬᠤᠯᠪᠣᠨ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠵᠤ᠂ ᠲᠣᠭᠲᠠᠭᠤᠨ᠂ | ᠦᠷᠭᠦᠯᠵᠢᠯᠡᠬᠦ᠂ ᠦᠷ᠎ᠡ ᠪᠦᠲᠦᠮᠵᠢᠳᠠᠢ ᠠᠮᠧᠷᠢᠺᠠ ᠳᠤᠮᠳᠠᠳᠤ ᠶᠢᠨ ᠬᠠᠷᠢᠯᠴᠠᠭ᠎ᠠ ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ | |