ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 27 ᠤ ᠴᠠᠭᠢᠯᠭᠠᠨ ᠮᠡᠳᠡᠭᠡ 3 ᠰᠠᠷ᠎ᠠ ᠶᠢᠨ 27 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠵᠢᠯ ᠤᠨ ᠠᠶᠢᠯᠴᠢᠯᠠᠯᠲᠠ ᠬᠢᠬᠦ ᠪᠠᠷ ᠢᠷᠡᠭᠰᠡᠨ | ᠬᠤᠯᠠᠨᠳ᠋ ᠤᠨ ᠲᠡᠷᠢᠭᠦᠨ ᠰᠠᠶᠢᠳ ᠷᠦᠲ᠋ᠧ ᠲᠠᠢ ᠠᠭᠤᠯᠵᠠᠪᠠ᠃ | ᠰᠢ ᠶᠢᠨ ᠫᠢᠩ᠂ ᠣᠶᠢᠷ᠎ᠠ ᠶᠢᠨ ᠵᠢᠯ ᠠᠴᠠ᠂ ᠳᠤᠮᠳᠠᠳᠤ ᠬᠤᠯᠠᠨᠳ᠋ ᠤᠨ ᠬᠠᠷᠢᠯᠴᠠᠭ᠎ᠠ ᠲᠣᠭᠲᠠᠭᠤᠨ ᠢᠶᠠᠷ ᠲᠦᠷᠭᠡᠨ ᠬᠥᠭᠵᠢᠵᠦ᠂ ᠬᠤᠶᠠᠷ ᠤᠯᠤᠰ ᠤᠨ | ᠡᠯ᠎ᠡ ᠬᠦᠷᠢᠶᠡᠨ ᠤ ᠬᠠᠮᠲᠤᠷᠠᠯᠴᠠᠭ᠎ᠠ ᠦᠷᠭᠦᠯᠵᠢᠯᠡᠨ ᠭᠦᠨᠵᠡᠭᠡᠶᠢᠷᠡᠵᠦ᠂ ᠬᠤᠯᠠᠨᠳ᠋ ᠨᠢᠭᠡᠨᠲᠡ ᠨᠡᠷ᠎ᠡ ᠨᠢᠳᠡᠷ ᠲᠡᠭᠡᠨ ᠨᠡᠶᠢᠴᠡᠭᠰᠡᠨ ᠳᠤᠮᠳᠠᠳᠤ ᠡᠸᠦ᠋ᠷᠦᠫᠡ ᠶᠢᠨ | ᠬᠠᠮᠲᠤᠷᠠᠯᠴᠠᠭᠠᠨ ᠤ ︽ᠡᠭᠦᠳᠡ ᠡᠷᠦᠭᠡ︾ ᠪᠣᠯᠵᠠᠢ᠃ ᠳᠤᠮᠳᠠᠳᠤ ᠤᠯᠤᠰ ᠳᠤᠷᠠᠲᠠᠶ᠎ᠠ ᠬᠤᠯᠠᠨᠳ᠋ ᠤᠨ ᠬᠢᠨ ᠲᠠᠢ ᠡᠯ᠎ᠡ ᠳᠡᠰ ᠳᠠᠪᠬᠤᠷᠭ᠎ᠠ ᠶᠢᠨ | ᠶᠠᠪᠤᠯᠴᠠᠭ᠎ᠠ ᠪᠠᠨ ᠪᠠᠲᠤᠯᠠᠵᠤ᠂ ᠣᠯᠣᠯᠴᠠᠭ᠎ᠠ ᠶᠠᠷᠢᠯᠴᠠᠭ᠎ᠠ ᠪᠠᠨ ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠶᠢ ᠪᠠᠷᠢᠮᠲᠠᠯᠠᠵᠤ᠂ | ᠳᠤᠮᠳᠠᠳᠤ ᠬᠤᠯᠠᠨᠳ᠋ ᠤᠨ ᠨᠡᠭᠡᠭᠡᠯᠲᠡ ᠬᠢᠵᠦ ᠪᠣᠳᠠᠲᠠᠢ ᠶᠢ ᠡᠷᠬᠢᠮᠯᠡᠭᠰᠡᠨ ᠪᠦᠭᠦ ᠲᠠᠯ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ | ᠲᠠᠰᠤᠷᠠᠯᠲᠠ ᠦᠭᠡᠢ ᠬᠥᠭᠵᠢᠬᠦ ᠶᠢ ᠠᠬᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠬᠤᠯᠠᠨᠳ᠋ ᠤᠨ ᠴᠢᠨᠠᠷ ᠰᠠᠶᠢᠲᠠᠢ ᠲᠠᠸᠠᠷ ᠢ ᠣᠷᠣᠭᠤᠯᠬᠤ | ᠬᠡᠪᠴᠢᠶ᠎ᠡ ᠪᠠᠨ ᠥᠷᠭᠡᠳᠬᠡᠨ᠎ᠡ᠂ ᠬᠤᠯᠠᠨᠳ᠋ ᠤᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ᠂ | ᠪᠠᠰᠠ ᠬᠤᠯᠠᠨᠳ᠋ ᠤᠨ ᠬᠢᠨ ᠤ ᠳᠤᠮᠳᠠᠳᠤ ᠤᠯᠤᠰ ᠤᠨ ᠠᠵᠤ ᠠᠬᠤᠶᠢᠯᠠᠯ ᠳᠤ ᠲᠥᠪ ᠭᠤᠣᠯᠴᠢ᠂ ᠢᠯᠡ ᠲᠣᠳᠣ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠥᠳᠡᠭᠡ ᠠᠵᠤ ᠠᠬᠤᠢ᠂ ᠤᠰᠤᠨ ᠠᠰᠢᠭᠯᠠᠯᠲᠠ᠂ ᠡᠨᠧᠷᠭᠢ ᠵᠡᠷᠭᠡ | ᠤᠯᠠᠮᠵᠢᠯᠠᠯᠲᠤ ᠬᠠᠮᠲᠤᠷᠠᠯᠴᠠᠭ᠎ᠠ ᠪᠠᠨ ᠢᠳᠡᠪᠬᠢᠲᠡᠢ ᠠᠬᠢᠭᠤᠯᠬᠤ ᠶᠢᠨ ᠬᠠᠮᠲᠤ ᠵᠣᠬᠢᠶᠠᠮᠠᠯ ᠤᠶᠤᠨ ᠴᠢᠳᠠᠪᠤᠷᠢ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ᠂ ᠪᠤᠭᠤᠷᠤᠯᠴᠤᠳ ᠤᠨ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭᠠᠨ ᠤ ᠲᠠᠯᠳᠠ ᠬᠦᠴᠦᠨ ᠢ ᠠᠭᠤᠳᠠᠯᠤᠶ᠎ᠠ᠃ ᠬᠤᠶᠠᠷ | ᠲᠠᠯ᠎ᠠ ᠪᠠᠷ ᠢᠶᠠᠨ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠭᠦ ᠨᠡᠩ ᠤᠯᠠᠨ ᠠᠷᠭ᠎ᠠ ᠬᠡᠮᠵᠢᠶ᠎ᠡ ᠠᠪᠴᠤ᠂ ᠰᠤᠷᠭᠠᠨ ᠬᠥᠮᠦᠵᠢᠯ᠂ ᠰᠣᠶᠣᠯ ᠪᠣᠯᠣᠨ | ᠠᠷᠠᠳ ᠤᠨ ᠬᠤᠭᠤᠷᠣᠨᠳᠣᠭᠢ ᠰᠣᠯᠢᠯᠴᠠᠭ᠎ᠠ ᠶᠢ ᠵᠣᠷᠢᠭᠵᠢᠭᠤᠯᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠬᠤᠯᠠᠨᠳ᠋ ᠯᠤᠭ᠎ᠠ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ ᠪᠠᠶᠢᠭᠤᠯᠤᠮᠵᠢ ᠳᠠᠬᠢ | ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠵᠡᠷᠭᠡ ᠪᠦᠭᠦ | ᠪᠥᠮᠪᠥᠷᠴᠡᠭ ᠤᠨ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠰᠠᠯᠬᠢᠨ ᠳᠤ ᠤᠴᠠᠷᠠᠬᠤ ᠮᠠᠭᠠᠳ᠂ ᠭᠡᠪᠡᠴᠦ ᠲᠡᠦᠬᠡ ᠶᠢᠨ ᠶᠡᠭᠡ ᠬᠠᠨᠳᠤᠰᠢ | ᠬᠤᠪᠢᠷᠠᠬᠤ ᠦᠭᠡᠢ ᠶᠤᠮ᠂ ︽ᠬᠠᠷᠢᠯᠴᠠᠭ᠎ᠠ ᠪᠠᠨ ᠲᠠᠰᠤᠯᠵᠤ ᠬᠡᠯᠬᠢᠶ᠎ᠡ ᠪᠠᠨ ᠲᠠᠰᠤᠯᠬᠤ︾ ᠨᠢ ᠭᠠᠷᠬᠤ ᠵᠠᠮ ᠦᠭᠡᠢ᠂ ᠨᠡᠭᠡᠭᠡᠯᠲᠡ ᠬᠢᠵᠦ ᠬᠠᠮᠲᠤᠷᠠᠯᠴᠠᠬᠤ | ᠪᠣᠯ ᠴᠤᠷ ᠤᠨ ᠭᠠᠭᠴᠠ ᠰᠣᠩᠭᠤᠯᠲᠠ ᠪᠣᠯᠣᠨ᠎ᠠ᠃ ᠨᠢᠭᠡ ᠨᠢ ᠢᠯᠠᠪᠠᠯ ᠨᠦᠭᠦᠭᠡ ᠨᠢ ᠢᠯᠠᠭᠳᠠᠬᠤ᠂ ᠬᠠᠷ᠎ᠠ ᠪᠢᠰᠢ ᠪᠣᠯ ᠴᠠᠭᠠᠨ ᠪᠠᠶᠢᠬᠤ ᠭᠡᠬᠦ ᠬᠤᠶᠠᠷ | ᠡᠰᠢᠲᠦ ᠡᠰᠡᠷᠭᠦᠴᠡᠯᠳᠦᠬᠦ ᠰᠡᠳᠬᠢᠬᠦᠢ ᠠᠯᠢ ᠡᠷᠲᠡ ᠴᠠᠭ ᠠᠴᠠ ᠥᠩᠭᠡᠷᠡᠵᠡᠢ᠂ ᠵᠢᠩᠬᠢᠨᠢ ᠠᠮᠤᠷ ᠲᠦᠪᠰᠢᠨ ᠳᠡᠯᠡᠬᠡᠢ ᠶᠢᠷᠲᠢᠨᠴᠦ ᠪᠣᠯ ᠭᠦᠨ | ᠠᠭᠤᠰᠤᠯᠴᠠᠭᠰᠠᠨ᠂ ᠬᠠᠷᠢᠯᠴᠠᠨ ᠲᠦᠰᠢᠯᠴᠡᠭᠰᠡᠨ ᠳᠡᠯᠡᠬᠡᠢ ᠶᠢᠷᠲᠢᠨᠴᠦ ᠪᠠᠶᠢᠬᠤ ᠶᠣᠰᠣᠲᠠᠢ ᠭᠡᠵᠦ ᠳᠤᠮᠳᠠᠳᠤ ᠶᠢᠨ ᠲᠠᠯ᠎ᠠ ᠢᠮᠠᠭᠲᠠ ᠦᠵᠡᠭᠰᠡᠭᠡᠷ ᠢᠷᠡᠪᠡ᠃ | ᠵᠣᠷᠢᠭᠤᠳᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠠᠬᠢᠯᠡᠯᠲᠡ ᠪᠣᠰᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ | ᠲᠠᠰᠤᠳᠠᠨ ᠰᠠᠯᠭᠠᠬᠤ ᠨᠢ ᠵᠥᠪᠭᠡᠨ ᠬᠠᠭᠠᠴᠠᠭᠤᠯᠬᠤ ᠪᠠ ᠡᠰᠡᠷᠭᠦᠴᠡᠯᠳᠦᠭᠦᠯᠬᠦ ᠳᠤ ᠬᠦᠷᠦᠭᠦᠯᠳᠡᠭ᠃ ᠳᠤᠮᠳᠠᠳᠤ ᠤᠯᠤᠰ ᠤᠨ ᠠᠷᠠᠳ ᠲᠦᠮᠡᠨ ᠪᠠᠰᠠ ᠵᠦᠢ | ᠶᠣᠰᠣᠨ ᠤ ᠬᠥᠭᠵᠢᠯᠲᠡ ᠶᠢᠨ ᠡᠷᠬᠡ ᠲᠠᠢ᠂ ᠶᠠᠮᠠᠷᠪᠠ ᠬᠦᠴᠦᠨ ᠭᠡᠳ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠥᠭᠵᠢᠯᠲᠡ | ᠲᠠᠪᠰᠢᠯᠳᠠ ᠶᠢᠨ ᠠᠯᠬᠤᠴᠠ ᠶᠢ ᠬᠤᠷᠢᠭᠯᠠᠵᠤ ᠴᠢᠳᠠᠬᠤ ᠦᠭᠡᠢ ᠶᠤᠮ᠃ ᠳᠤᠮᠳᠠᠳᠤ ᠤᠯᠤᠰ ᠢᠮᠠᠭᠲᠠ ᠬᠠᠮᠲᠤ ᠪᠠᠷ ᠠᠰᠢᠭ ᠭᠦᠷᠳᠡᠭᠦ ᠣᠶᠢᠯᠠᠭᠠᠭᠳᠠᠬᠤᠨ ᠢ | ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠦᠷᠭᠦᠯᠵᠢᠯᠡᠨ ᠥᠷᠭᠡᠳᠬᠡᠵᠦ᠂ ᠡᠯ᠎ᠡ ᠲᠠᠯ᠎ᠠ ᠶᠢᠨ ᠬᠢᠨ ᠲᠠᠢ ᠬᠥᠭᠵᠢᠯᠲᠡ ᠶᠢᠨ | ᠠᠰᠢᠭ ᠢ ᠬᠠᠮᠲᠤ ᠪᠠᠷ ᠡᠳ᠋ᠯᠡᠨ᠎ᠡ᠃ ᠳᠤᠮᠳᠠᠳᠤ ᠤᠯᠤᠰ ᠤᠨ ᠡᠸᠦ᠋ᠷᠦᠫᠡ ᠲᠢᠪ ᠲᠤ ᠠᠪᠬᠤ ᠲᠦᠷᠦ ᠶᠢᠨ ᠪᠣᠳᠣᠯᠭ᠎ᠠ ᠦᠷᠭᠦᠯᠵᠢᠯᠡᠨ ᠲᠣᠭᠲᠠᠭᠤᠨ ᠪᠠᠶᠢᠵᠤ᠂ | ᠡᠸᠦ᠋ᠷᠦᠫᠡ ᠲᠢᠪ ᠢ ᠤᠯᠠᠨ ᠲᠦᠢᠯᠲᠤ ᠳᠡᠯᠡᠬᠡᠢ ᠶᠢᠨ ᠴᠢᠬᠤᠯᠠ ᠨᠢᠭᠡ ᠲᠦᠢᠯ ᠪᠠ ᠬᠠᠮᠲᠤᠷᠠᠯᠴᠠᠭᠠᠨ ᠤ ᠬᠠᠨᠢᠲᠠᠨ ᠢᠶᠠᠷ ᠦᠵᠡᠨ᠎ᠡ᠃ | ᠬᠤᠯᠠᠨᠳ᠋ ᠤᠨ ᠬᠢᠨ ᠤ ᠳᠤᠮᠳᠠᠳᠤ ᠡᠸᠦ᠋ᠷᠦᠫᠡ ᠶᠢᠨ ᠣᠶᠢᠯᠠᠭᠠᠯᠴᠠᠭ᠎ᠠ ᠶᠢ ᠠᠬᠢᠭᠤᠯᠬᠤ᠂ ᠪᠦᠲᠦᠭᠡᠯᠴᠢ ᠴᠢᠨᠠᠷᠲᠠᠢ ᠬᠠᠷᠢᠯᠴᠠᠭ᠎ᠠ ᠶᠢ ᠬᠥᠭᠵᠢᠭᠦᠯᠬᠦ ᠳᠤ | ᠦᠷᠭᠦᠯᠵᠢᠯᠡᠨ ᠢᠳᠡᠪᠬᠢᠲᠡᠢ ᠦᠢᠯᠡᠳᠦᠯ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠷᠦᠲ᠋ᠧ᠂ 2013 ᠣᠨ ᠳᠤ ᠪᠢ ᠲᠡᠷᠢᠭᠦᠨ ᠰᠠᠶᠢᠳ ᠤᠨ ᠬᠤᠪᠢ ᠪᠠᠷ ᠠᠩᠬ᠎ᠠ ᠤᠳᠠᠭ᠎ᠠ ᠳᠤᠮᠳᠠᠳᠤ ᠤᠯᠤᠰ ᠲᠤ ᠠᠶᠢᠯᠴᠢᠯᠠᠵᠤ᠂ ᠢᠯᠠᠩᠭᠤᠶ᠎ᠠ | 2014 ᠣᠨ ᠳᠤ ᠲᠡᠷᠢᠭᠦᠯᠡᠭᠴᠢ ᠰᠢ ᠶᠢᠨ ᠫᠢᠩ ᠲᠠᠢ ᠬᠠᠮᠲᠤ ᠪᠠᠷ ᠬᠤᠯᠠᠨᠳ᠋ ᠳᠤᠮᠳᠠᠳᠤ ᠶᠢᠨ ᠨᠡᠭᠡᠭᠡᠯᠲᠡᠲᠡᠢ ᠪᠣᠳᠠᠲᠠᠢ ᠶᠢ ᠡᠷᠬᠢᠮᠯᠡᠭᠰᠡᠨ ᠪᠦᠭᠦ ᠲᠠᠯ᠎ᠠ ᠶᠢᠨ | ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠶᠢᠭᠤᠯᠬᠤ ᠪᠠᠷ ᠨᠡᠶᠢᠲᠡᠯᠡᠭᠰᠡᠨ ᠠᠴᠠ ᠨᠠᠭᠠᠰᠢ᠂ ᠬᠤᠶᠠᠷ ᠤᠯᠤᠰ ᠤᠨ ᠬᠠᠷᠢᠯᠴᠠᠭ᠎ᠠ ᠰᠠᠶᠢᠨ ᠰᠠᠶᠢᠬᠠᠨ | ᠬᠥᠭᠵᠢᠯᠲᠡ ᠪᠠᠨ ᠪᠠᠲᠤᠯᠠᠵᠤ᠂ ᠠᠷᠠᠯᠵᠢᠶᠠᠨ ᠤ ᠬᠡᠮᠵᠢᠶ᠎ᠡ ᠬᠤᠶᠠᠷ ᠲᠠᠭᠢᠨ ᠨᠡᠮᠡᠭᠳᠡᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠯᠤᠲᠤ ᠶᠡᠭᠡ ᠲᠠᠯᠳᠠ | ᠬᠦᠴᠦᠨ ᠪᠠ ᠠᠯᠤᠰ ᠢᠷᠡᠭᠡᠳᠦᠢ ᠲᠠᠢ ᠪᠣᠯᠵᠠᠢ᠃ ︽ᠬᠠᠷᠢᠯᠴᠠᠭ᠎ᠠ ᠪᠠᠨ ᠲᠠᠰᠤᠯᠵᠤ ᠬᠡᠯᠬᠢᠶ᠎ᠡ ᠪᠠᠨ ᠲᠠᠰᠤᠯᠬᠤ︾ ᠨᠢ ᠬᠤᠯᠠᠨᠳ᠋ ᠤᠨ ᠵᠠᠰᠠᠭ ᠤᠨ | ᠣᠷᠳᠣᠨ ᠤ ᠲᠥᠷᠥ ᠶᠢᠨ ᠪᠣᠳᠣᠯᠭ᠎ᠠ ᠶᠢᠨ ᠰᠣᠩᠭᠤᠯᠲᠠ ᠪᠢᠰᠢ᠂ ᠤᠴᠢᠷ ᠨᠢ ᠳᠤᠮᠳᠠᠳᠤ ᠤᠯᠤᠰ ᠤᠨ ᠬᠥᠭᠵᠢᠯᠲᠡ ᠶᠢᠨ ᠠᠰᠢᠭ ᠲᠤᠰᠠ ᠶᠢ | ᠬᠤᠬᠢᠷᠠᠭᠤᠯᠬᠤ ᠶᠠᠮᠠᠷᠪᠠ ᠠᠵᠢᠯᠯᠠᠭ᠎ᠠ ᠨᠢ ᠪᠦᠷ ᠥᠪᠡᠷ ᠤᠨ ᠪᠡᠶ᠎ᠡ ᠪᠠᠨ ᠬᠤᠬᠢᠷᠠᠭᠤᠯᠬᠤ ᠪᠣᠯᠣᠨ᠎ᠠ᠃ ᠳᠤᠮᠳᠠᠳᠤ ᠶᠢᠨ ᠲᠠᠯ᠎ᠠ ᠶᠢᠨ ᠬᠢᠨ ᠤ ᠬᠤᠯᠠᠨᠳ᠋ ᠤᠨ | ᠠᠷᠠᠳ ᠢᠷᠭᠡᠨ ᠤ ᠳᠤᠮᠳᠠᠳᠤ ᠤᠯᠤᠰ ᠲᠤ ᠢᠷᠡᠬᠦ ᠳᠤ 15 ᠡᠳᠦᠷ ᠤᠨ ᠸᠢᠰᠠ ᠠᠪᠬᠤ ᠦᠭᠡᠢ ᠬᠠᠷᠠᠭᠠᠯᠵᠠᠯ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ | ᠬᠤᠯᠠᠨᠳ᠋ ᠤᠨ ᠬᠢᠨ ᠳᠤᠮᠳᠠᠳᠤ ᠤᠯᠤᠰ ᠯᠤᠭ᠎ᠠ ᠶᠢᠨ ᠨᠥᠭᠦᠷᠰᠡᠭ ᠬᠠᠷᠢᠯᠴᠠᠭ᠎ᠠ ᠪᠠᠨ ᠨᠠᠨᠳᠢᠩᠨᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠨᠢᠲᠠᠨ ᠤ | ᠬᠠᠷᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠵᠦ᠂ ᠠᠵᠤ ᠠᠬᠤᠢ ᠠᠷᠠᠯᠵᠢᠶ᠎ᠠ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠷᠢᠨ ᠤᠯᠤᠰ ᠤᠨ | ᠪᠦᠯᠦᠭᠯᠡᠯ ᠵᠡᠷᠭᠡ ᠤᠯᠠᠨ ᠲᠠᠯ᠎ᠠ ᠶᠢᠨ ᠲᠠᠯᠠᠪᠤᠷ ᠵᠢᠴᠢ ᠳᠡᠯᠡᠬᠡᠢ ᠶᠢᠨ ᠪᠠ ᠭᠠᠵᠠᠷ ᠣᠷᠣᠨ ᠤ ᠬᠠᠯᠠᠮᠰᠢᠯ ᠠᠰᠠᠭᠤᠳᠠᠯ ᠤᠨ ᠲᠠᠯ᠎ᠠ ᠪᠠᠷ ᠬᠢ ᠣᠯᠣᠯᠴᠠᠭ᠎ᠠ | ᠵᠣᠬᠢᠴᠠᠭᠤᠯᠭ᠎ᠠ ᠪᠠᠨ ᠨᠢᠭᠲᠠᠷᠠᠭᠤᠯᠤᠨ᠎ᠠ ᠭᠡᠵᠦ ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ | |