ᠨᠢᠭᠡ᠂ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ | | ᠤᠷᠠᠳ ᠤᠨ ᠡᠮᠦᠨᠡᠲᠦ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠤᠷᠠᠳ ᠤᠨ ᠡᠮᠦᠨᠡᠲᠦ ᠬᠤᠰᠢᠭᠤᠨ ᠤ ᠨᠠᠮ | ᠵᠠᠰᠠᠭ ᠤᠨ ᠲᠣᠮᠣ ᠠᠰᠠᠷ ᠤᠨ ᠳᠥᠷᠪᠡᠳᠦᠭᠡᠷ ᠳᠠᠪᠬᠤᠷᠯᠢᠭ ᠲᠤ ᠪᠠᠶᠢᠷᠢᠯᠠᠵᠤ᠂ ᠠᠯᠪᠠᠨ ᠬᠡᠷ ᠨᠢ ᠨᠡᠶᠢᠲᠡ 17 ᠲᠠᠰᠤᠯᠭ᠎ᠠ ᠲᠠᠢ᠂ ᠪᠠᠶᠢᠭᠤᠯᠤᠮᠵᠢ ᠶᠢᠨ | ᠰᠢᠨᠵᠢ ᠴᠢᠨᠠᠷ ᠨᠢ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠳᠤ ᠬᠠᠷᠢᠶᠠᠯᠠᠭᠳᠠᠨ᠎ᠠ᠂ 42 ᠣᠷᠣᠨ ᠲᠤᠭ᠎ᠠ ᠶᠢᠨ ᠠᠵᠢᠯᠲᠠᠨ ᠢ ᠬᠢᠨᠠᠨ ᠲᠣᠭᠲᠠᠭᠠᠵᠤ᠂ | ᠡᠭᠦᠨ ᠳᠤ ᠵᠠᠰᠠᠭ ᠵᠠᠬᠢᠷᠭᠠᠨ ᠤ ᠣᠷᠣᠨ ᠲᠤᠭ᠎ᠠ ᠳᠤ 18 ᠬᠥᠮᠦᠨ᠂ ᠠᠵᠢᠯ ᠦᠢᠯᠡᠰ ᠤᠨ ᠣᠷᠣᠨ ᠲᠤᠭ᠎ᠠ ᠳᠤ 24 ᠬᠥᠮᠦᠨ ᠪᠠᠶᠢᠨ᠎ᠠ᠃ | | | ᠬᠤᠶᠠᠷ᠂ ᠪᠠᠶᠢᠭᠠᠣᠯᠭᠠ ᠶᠢᠨ ᠭᠤᠣᠯ ᠡᠭᠦᠷᠭᠡ ᠬᠠᠷᠢᠭᠤᠴᠠᠯᠭ᠎ᠠ | | ︵ᠨᠢᠭᠡ︶ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠳᠤᠮᠳᠠ ᠪᠠ ᠤᠷᠲᠤ | ᠬᠤᠭᠤᠴᠠᠭᠠᠨ ᠤ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠲᠥᠯᠥᠪᠵᠢᠭᠦᠯᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃ ᠬᠤᠰᠢᠭᠤᠨ ᠤ ᠲᠠᠰ ᠤᠨ ᠲᠤᠰᠬᠠᠶ | ᠲᠥᠯᠥᠪᠵᠢᠭᠦᠯᠭᠡ᠂ ᠣᠷᠣᠨ ᠪᠦᠰᠡ ᠶᠢᠨ ᠲᠥᠯᠥᠪᠵᠢᠭᠦᠯᠭᠡ᠂ ᠣᠷᠣᠨ ᠵᠠᠶ ᠶᠢᠨ ᠲᠥᠯᠥᠪᠵᠢᠭᠦᠯᠭᠡ ᠶᠢ ᠪᠥᠬᠦ ᠬᠤᠰᠢᠭᠤᠨ ᠤ ᠬᠥᠭᠵᠢᠯᠲᠡ ᠶᠢᠨ | ᠲᠥᠯᠥᠪᠵᠢᠭᠦᠯᠭᠡ ᠲᠠᠢ ᠨᠢᠭᠡᠳᠦᠯᠲᠡᠶ ᠲᠥᠯᠥᠪᠯᠡᠨ ᠵᠣᠯᠭᠠᠭᠤᠯᠬᠤ ᠶᠢ ᠬᠠᠷᠢᠭᠤᠴᠠᠵᠤ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ᠂ | ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠭᠠᠳᠠᠭᠠᠳᠤ ᠨᠡᠭᠡᠭᠡᠯᠲᠡ ᠶᠢᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ | ᠲᠣᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ | ︵ᠬᠤᠶᠠᠷ︶ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠬᠠᠷᠠᠯᠲᠠ᠂ ᠡᠭᠦᠷᠭᠡ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠣᠷᠠᠳᠣᠨ᠎ᠠ᠃ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠲᠥᠯᠥᠪᠵᠢᠭᠦᠯᠭᠡ ᠶᠢᠨ ᠰᠢᠮᠳᠠᠭᠤᠯᠤᠨ ᠵᠢᠯᠣᠭᠤᠳᠬᠤ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠢᠨᠵᠧᠨᠧᠷᠢᠩ ᠢ ᠰᠢᠮᠳᠠᠭᠤᠯᠤᠨ | ᠵᠢᠯᠣᠭᠤᠳᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠲᠣᠬᠢᠷᠠᠭᠤᠯᠬᠤ ᠰᠠᠨᠠᠭᠤᠯᠭ᠎ᠠ ᠳᠤᠷᠠᠳᠤᠨ᠎ᠠ᠃ | ︵ᠭᠤᠷᠪᠠ︶ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ ᠨᠢᠭᠡᠳᠦᠯᠲᠡᠶ ᠲᠥᠯᠥᠪᠯᠡᠨ ᠳᠤᠷᠠᠳᠴᠤ᠂ | ᠬᠤᠷᠸ᠎ᠠ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠬᠠᠨᠳᠤᠰᠢ ᠶᠢ ᠬᠢᠨᠠᠨ ᠬᠡᠮᠵᠢᠵᠦ ᠤᠷᠢᠳᠴᠢᠯᠠᠨ ᠲᠥᠰᠦᠭᠡᠯᠡᠵᠦ᠂ ᠬᠤᠷᠸ᠎ᠠ | ᠲᠣᠬᠢᠷᠠᠭᠤᠯᠤᠯ ᠡᠵᠡᠮᠳᠡᠯ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠷᠸ᠎ᠠ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢ | ᠶᠡᠷᠦᠩᠬᠡᠶᠢᠯᠡᠨ ᠵᠣᠬᠢᠴᠠᠭᠤᠯᠵᠤ᠂ ᠬᠤᠷᠸ᠎ᠠ ᠠᠵᠤ ᠠᠬᠤᠶ ᠶᠢᠨ ᠠᠷᠭᠠᠴᠠᠬᠤ ᠠᠷᠭ᠎ᠠ ᠬᠡᠮᠵᠢᠶ᠎ᠡ ᠶᠢ ᠲᠦᠷᠦᠭᠦᠯᠡᠨ ᠰᠤᠳᠤᠯᠤᠨ᠎ᠠ᠃ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠶ ᠶᠢᠨ ᠠᠵᠢᠯᠯᠠᠭᠠᠨ ᠢ ᠲᠣᠬᠢᠷᠠᠭᠤᠯᠵᠤ᠂ ᠠᠵᠤ ᠠᠬᠤᠶ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠰᠦᠢᠳᠬᠡᠯ ᠬᠤᠷᠢᠶᠠᠬᠤ | ᠲᠥᠷᠥ ᠶᠢᠨ ᠪᠣᠳᠣᠯᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠦᠨ᠎ᠡ ᠬᠠᠩᠰᠢ ᠶᠢᠨ ᠲᠣᠬᠢᠷᠠᠭᠤᠯᠤᠯ ᠡᠵᠡᠮᠳᠡᠯ ᠤᠨ | ᠬᠠᠷᠠᠯᠲᠠ ᠶᠢ ᠳᠤᠷᠠᠳᠴᠤ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠠᠸᠠᠷ ᠤᠨ ᠦᠢᠯᠡᠴᠢᠯᠡᠭᠡ ᠪᠠ ᠰᠦᠢᠳᠬᠡᠯ ᠬᠤᠷᠢᠶᠠᠬᠤ | ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ ᠲᠣᠬᠢᠷᠠᠭᠤᠯᠤᠨ᠎ᠠ᠃ | ︵ᠲᠦᠷᠪᠡ︶ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ ᠠᠬᠢᠭᠤᠯᠬᠤ ᠪᠠ | ᠶᠡᠷᠦᠩᠬᠡᠶᠢᠯᠡᠨ ᠵᠣᠬᠢᠴᠠᠭᠤᠯᠵᠤ᠂ ᠬᠤᠯᠪᠣᠭᠳᠠᠯ ᠪᠦᠬᠦᠢ ᠥᠭᠡᠷᠡᠴᠢᠯᠡᠯᠲᠡ ᠶᠢᠨ ᠰᠠᠨᠠᠭᠤᠯᠭ᠎ᠠ ᠳᠤᠷᠠᠳᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠶᠢ ᠲᠦᠷᠦᠭᠦᠯᠡᠨ ᠠᠬᠢᠭᠤᠯᠤᠨ᠎ᠠ᠃ ᠥᠮᠴᠢᠯᠡᠬᠦ ᠡᠷᠬᠡ ᠶᠢᠨ ᠲᠦᠷᠢᠮ ᠪᠠ ᠴᠢᠬᠤᠯᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ | ᠲᠣᠬᠢᠷᠠᠭᠤᠯᠬᠤ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠤᠨ᠎ᠠ᠃ ᠦᠨᠳᠦᠰᠦᠨ ᠠᠵᠤ ᠠᠬᠤᠶ ᠶᠢᠨ ᠲᠦᠷᠢᠮ ᠪᠠ ᠣᠲᠣ ᠦᠶ᠎ᠡ ᠶᠢᠨ ᠵᠠᠬ᠎ᠠ | ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ ᠲᠡᠭᠦᠯᠳᠡᠷᠵᠢᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠲᠡ ᠶᠢ ᠲᠦᠯᠬᠢᠨ ᠠᠬᠢᠭᠤᠯᠤᠨ᠎ᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ | ︵ᠲᠠᠪᠤ︶ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨ᠎ᠠ ᠪᠡᠯᠡ ᠣᠷᠣᠭᠤᠯᠬᠤ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ᠂ ᠶᠡᠷᠦᠩᠬᠡᠶ | ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ ᠪᠦᠲᠦᠴᠡ ᠶᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠳᠤᠷᠠᠳᠤᠨ᠎ᠠ᠃ ︽ᠨᠢᠭᠡ ᠪᠦᠰᠡ ᠨᠢᠭᠡ ᠵᠠᠮ︾ | ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠶᠢ ᠲᠦᠷᠦᠭᠦᠯᠡᠨ ᠠᠬᠢᠭᠤᠯᠵᠤ᠂ ᠬᠤᠯᠪᠣᠭᠳᠠᠯ ᠪᠦᠬᠦᠢ ᠠᠵᠢᠯ ᠢ ᠨᠢᠭᠡᠳᠦᠯᠲᠡᠶ ᠲᠥᠯᠥᠪᠯᠡᠨ | ᠵᠣᠬᠢᠴᠠᠭᠤᠯᠤᠨ᠎ᠠ᠃ | ︵ᠵᠢᠷᠭᠤᠭ᠎ᠠ︶ ᠪᠡᠯᠡ ᠣᠷᠣᠭᠤᠯᠤᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠬᠠᠷᠢᠭᠤᠴᠠᠵᠤ᠂ ᠡᠷᠬᠡ ᠮᠡᠳᠡᠯ ᠤᠨ ᠶᠣᠰᠣᠭᠠᠷ ᠪᠦᠬᠦ ᠨᠡᠶᠢᠭᠡᠮ ᠤᠨ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ᠂ ᠪᠦᠲᠦᠴᠡ ᠶᠢ ᠲᠣᠬᠢᠷᠠᠭᠤᠯᠤᠨ ᠡᠵᠡᠮᠳᠡᠬᠦ ᠬᠠᠷᠠᠯᠲᠠ ᠪᠣᠯᠤᠨ ᠲᠥᠷᠥ ᠶᠢᠨ | ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠢ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠶᠢ ᠲᠣᠬᠢᠷᠠᠭᠤᠯᠵᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠴᠢᠬᠤᠯᠠ ᠶᠡᠭᠡ ᠲᠥᠷᠥᠯ ᠵᠦᠢᠯ ᠢ | ᠬᠢᠨᠠᠨ ᠵᠥᠪᠰᠢᠶᠡᠷᠡᠬᠦ᠂ ᠬᠢᠨᠠᠨ ᠵᠥᠪᠰᠢᠶᠡᠷᠡᠬᠦ᠂ ᠬᠢᠨᠠᠨ ᠬᠠᠷᠭᠤᠭᠤᠯᠬᠤ ᠬᠡᠷᠡᠭᠲᠡᠢ᠃ ᠴᠢᠬᠤᠯᠠ ᠶᠡᠭᠡ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ | ᠵᠦᠢᠯᠡᠰ ᠪᠠ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠢ ᠲᠥᠯᠥᠪᠵᠢᠭᠦᠯᠦᠨ᠎ᠡ᠃ ᠠᠷᠠᠳ ᠤᠨ ᠪᠡᠯᠡ ᠣᠷᠣᠭᠤᠯᠤᠯᠲᠠ ᠶᠢ ᠵᠣᠷᠢᠭᠵᠢᠭᠤᠯᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠡᠷᠬᠡ ᠮᠡᠳᠡᠯ ᠤᠨ ᠶᠣᠰᠣᠭᠠᠷ ᠲᠤᠭᠤᠷᠪᠢᠨ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠬᠤ ᠶᠢ | ᠲᠦᠯᠬᠢᠨ ᠠᠬᠢᠭᠤᠯᠤᠨ᠎ᠠ᠃ | ︵ᠳᠤᠯᠤᠭ᠎ᠠ︶ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ | ᠪᠠᠶᠢᠯᠳᠤᠬᠤ ᠪᠣᠳᠣᠯᠭ᠎ᠠ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠤᠯᠪᠣᠭᠳᠠᠯ ᠪᠥᠬᠦᠶ ᠣᠷᠣᠨ | ᠪᠦᠰᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠤᠭᠤᠷᠪᠢᠨ ᠲᠣᠭᠲᠠᠭᠠᠨ᠎ᠠ᠃ ᠤᠯᠤᠰ ᠪᠣᠯᠤᠨ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠤᠨ ᠲᠥᠯᠥᠪᠵᠢᠭᠦᠯᠭᠡ ᠶᠢ | ᠬᠡᠷᠡᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠷᠬᠡ ᠮᠡᠳᠡᠯ ᠢᠶᠠᠷ ᠢᠶᠠᠨ ᠭᠠᠵᠠᠷ ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠪᠠ | ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠪᠠ ᠬᠡᠷᠡᠭᠵᠢᠭᠦᠯᠵᠦ᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠵᠡᠷᠭᠡ ᠶᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠣᠷᠣᠨ ᠪᠦᠰᠡ ᠶᠢᠨ ᠬᠠᠮᠲᠤᠷᠠᠯᠴᠠᠭᠠᠨ ᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠰᠢᠨ᠎ᠡ ᠬᠡᠯᠪᠡᠷᠢ ᠶᠢᠨ | ᠬᠤᠲᠠ ᠪᠠᠯᠭᠠᠰᠤᠵᠢᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠬᠦ ᠶᠢ ᠠᠬᠢᠭᠤᠯᠤᠨ᠎ᠠ᠃ | ︵ᠨᠠᠢᠮᠠ︶ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠤᠯᠪᠣᠭᠳᠠᠯ | ᠪᠦᠬᠦᠢ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠵᠣᠯᠭᠠᠭᠤᠯᠤᠨ᠎ᠠ᠃ ᠴᠢᠬᠤᠯᠠ | ᠶᠡᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠵᠣᠬᠢᠴᠠᠭᠤᠯᠤᠨ ᠠᠬᠢᠭᠤᠯᠵᠤ᠂ ᠦᠢᠯᠡᠴᠢᠯᠡᠭᠡᠨ ᠤ ᠦᠢᠯᠡᠰ ᠵᠢᠴᠢ | ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠣᠯᠤᠨ ᠴᠢᠬᠤᠯᠠ ᠶᠡᠭᠡ ᠲᠥᠷᠥ ᠶᠢᠨ | ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠬᠤ ᠶᠢᠨ ᠬᠠᠮᠲᠤ ᠬᠡᠷᠡᠭᠵᠢᠭᠦᠯᠬᠦ ᠶᠢ ᠠᠬᠢᠭᠤᠯᠤᠨ᠎ᠠ᠃ ᠬᠡᠷᠡᠭᠯᠡᠭᠡᠨ ᠤ ᠬᠤᠪᠢᠷᠠᠯᠲᠠ ᠶᠢᠨ | ᠬᠠᠨᠳᠤᠰᠢ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠬᠡᠷᠡᠭᠯᠡᠭᠡ ᠶᠢ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠶ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ | ︵ᠶᠢᠰᠦ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠲᠥᠯᠥᠪᠵᠢᠭᠦᠯᠭᠡ ᠪᠠ | ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠰᠢᠨ᠎ᠡ ᠶᠢ ᠡᠭᠦᠳᠦᠨ ᠬᠥᠭᠵᠢᠭᠦᠯᠬᠦ ᠪᠠ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ | ᠬᠦᠴᠦᠨ ᠢ ᠪᠤᠶᠢᠵᠢᠭᠤᠯᠬᠤ ᠲᠥᠷᠥ ᠶᠢᠨ ᠪᠣᠳᠣᠯᠭ᠎ᠠ ᠶᠢ ᠲᠣᠷᠠᠳᠣᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠰᠢᠭᠤᠨ ᠤ | ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢ ᠲᠥᠯᠥᠪᠵᠢᠭᠦᠯᠦᠨ ᠪᠠᠶᠢᠷᠢᠰᠢᠭᠤᠯᠤᠨ᠎ᠠ᠃ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠪᠣᠯᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠠᠬᠢᠭᠤᠯᠤᠨ | ᠬᠡᠷᠡᠭᠵᠢᠭᠦᠯᠵᠦ᠂ ᠠᠵᠤ ᠦᠢᠯᠡᠰ ᠤᠨ ᠲᠡᠰ ᠳᠡᠪᠰᠢᠬᠦ᠂ ᠴᠢᠬᠤᠯᠠ ᠶᠡᠭᠡ ᠮᠡᠷᠭᠡᠵᠢᠯ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠵᠡᠷᠭᠡ ᠲᠠᠯ᠎ᠠ ᠶᠢᠨ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ | ︵ᠠᠷᠪᠠ︶ ᠠᠵᠤ ᠠᠬᠤᠶ ᠶᠢᠨ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ᠂ ᠡᠬᠢ ᠪᠠᠶᠠᠯᠢᠭ ᠤᠨ ᠠᠮᠤᠷ ᠲᠦᠪᠰᠢᠨ᠂ ᠰᠢᠨᠵᠢᠯᠡᠬᠦ | ᠤᠬᠠᠭᠠᠨ ᠮᠡᠷᠭᠡᠵᠢᠯ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠵᠡᠷᠭᠡ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ | ᠮᠥᠷᠳᠡᠨ ᠰᠤᠳᠤᠯᠤᠨ ᠮᠠᠭᠠᠳᠯᠠᠵᠤ᠂ ᠬᠤᠯᠪᠣᠭᠳᠠᠯ ᠪᠥᠬᠦᠶ ᠠᠵᠢᠯ ᠤᠨ ᠰᠠᠨᠠᠭᠤᠯᠭ᠎ᠠ ᠲᠣᠷᠠᠳᠣᠨ᠎ᠠ᠃ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ | ᠲᠡᠩᠴᠡᠭᠦᠷᠢᠲᠡᠶ ᠪᠠᠶᠢᠯᠭᠠᠬᠤ ᠪᠠ ᠬᠤᠷᠸ᠎ᠠ ᠲᠣᠬᠢᠷᠠᠭᠤᠯᠤᠯ ᠡᠵᠡᠮᠳᠡᠯ ᠢ ᠬᠠᠷᠢᠭᠤᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ | ᠬᠤᠰᠢᠭᠤᠨ ᠤ ᠨᠥᠭᠡᠴᠡ ᠡᠳ᠋ ᠪᠣᠳᠠᠰ ᠤᠨ ᠲᠥᠷᠥᠯ ᠵᠦᠢᠯ ᠤᠨ ᠭᠠᠷᠴᠠᠭ᠂ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ | ᠲᠣᠭᠲᠠᠭᠠᠨ᠎ᠠ᠃ | ︵ᠠᠷᠪᠠᠨ ᠨᠢᠭᠡ︶ ᠨᠡᠶᠢᠭᠡᠮ ᠤᠨ ᠬᠥᠭᠵᠢᠯᠲᠡ᠂ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠪᠠ ᠲᠥᠷᠥ ᠶᠢᠨ ᠪᠣᠳᠣᠯᠭ᠎ᠠ ᠶᠢᠨ | ᠵᠣᠯᠭᠠᠯᠴᠠᠭ᠎ᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ᠂ ᠶᠡᠷᠦᠩᠬᠡᠶ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠪᠠ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠠᠵᠢᠯ ᠣᠯᠭᠤᠯᠲᠠ ᠶᠢ ᠠᠬᠢᠭᠤᠯᠬᠤ᠂ ᠨᠡᠶᠢᠭᠡᠮ ᠤᠨ ᠪᠠᠲᠤᠯᠠᠭ᠎ᠠ ᠶᠢ ᠲᠡᠭᠦᠯᠳᠡᠷᠵᠢᠭᠦᠯᠬᠦ ᠬᠢᠭᠡᠳ ᠠᠵᠤ ᠠᠬᠤᠶ ᠶᠢ ᠵᠣᠬᠢᠴᠠᠩᠭᠤᠶ ᠪᠠᠷ ᠬᠥᠭᠵᠢᠭᠦᠯᠬᠦ | ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠦᠭᠦᠯᠡᠨ | ᠥᠷᠨᠢᠭᠦᠯᠦᠨ᠎ᠡ᠃ | ︵ᠠᠷᠪᠠᠨ ᠬᠤᠶᠠᠷ︶ ᠦᠷᠭᠦᠯᠵᠢᠯᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠪᠣᠯᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠬᠢᠭᠡᠳ | ᠰᠡᠷᠭᠦᠭᠡᠬᠦ᠂ ᠡᠨᠧᠷᠭᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠵᠡᠷᠭᠡ ᠠᠵᠢᠯ ᠢ ᠵᠣᠬᠢᠴᠠᠭᠤᠯᠤᠨ᠎ᠠ᠃ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠶᠢᠨ ᠲᠣᠭᠲᠠᠴᠠ ᠶᠢ ᠪᠦᠷᠢᠨᠰᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠣᠷᠴᠢᠨ | ᠠᠬᠤᠶ ᠶᠢᠨ ᠬᠠᠮᠠᠭᠠᠯᠠᠯᠲᠠ ᠶᠢᠨ ᠠᠵᠤ ᠦᠢᠯᠡᠰ ᠪᠠ ᠠᠷᠢᠭᠤᠨ ᠴᠡᠪᠡᠷ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ | ᠵᠣᠬᠢᠴᠠᠭᠤᠯᠤᠨ᠎ᠠ᠃ ᠡᠨᠧᠷᠭᠢ ᠶᠢᠨ ᠬᠡᠷᠡᠭᠯᠡᠭᠡ ᠶᠢ ᠬᠢᠵᠠᠭᠠᠷᠯᠠᠬᠤ ᠬᠠᠷᠠᠯᠲᠠ᠂ ᠡᠭᠦᠷᠭᠡ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ | ︵ᠠᠷᠪᠠᠨ ᠭᠤᠷᠪᠠ︶ ᠤᠯᠤᠰ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠬᠢᠭᠡᠳ᠋ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠵᠣᠬᠢᠴᠠᠨ᠋ᠬᠤᠢ ᠪᠠᠷ ᠬᠥᠭᠵᠢᠭᠦᠯᠬᠦ ᠪᠠᠶᠢᠯᠳᠤᠬᠤ ᠪᠣᠳᠤᠯᠭ᠎ᠠ᠂ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠥᠷᠥ ᠶᠢᠨ | ᠪᠣᠳᠤᠯᠭ᠎ᠠ ᠶᠢᠨ ᠠᠷᠭ᠎ᠠ ᠬᠡᠮᠵᠢᠶ᠎ᠡ ᠶᠢ ᠰᠣᠳᠤᠯᠤᠨ ᠳᠤᠷᠠᠳᠴᠤ᠂ ᠬᠤᠯᠪᠤᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠴᠡᠷᠢᠭ ᠠᠷᠠᠳ | ᠠᠭᠤᠰᠤᠯᠴᠠᠨ ᠬᠦᠭᠵᠢᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠤᠯᠤᠰ ᠠᠷᠠᠳ ᠤᠨ ᠠᠵᠤ ᠠᠬᠤᠢ ᠶᠢᠨ | ᠳᠠᠶᠢᠴᠢᠯᠠᠯᠲᠠ ᠶᠢᠨ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠤᠨ ᠵᠤᠬᠢᠶᠠᠵᠤ᠂ ᠤᠯᠤᠰ ᠠᠷᠠᠳ ᠤᠨ ᠠᠵᠤ ᠠᠬᠤᠢ ᠶᠢᠨ | ᠳᠠᠶᠢᠴᠢᠯᠠᠯᠲᠠ ᠶᠢᠨ ᠬᠤᠯᠪᠤᠭᠳᠠᠯ ᠪᠦᠬᠦᠢ ᠠᠵᠢᠯ ᠢ ᠵᠤᠬᠢᠴᠠᠭᠤᠯᠤᠨ ᠵᠤᠬᠢᠶᠠᠨ ᠪᠠᠶᠢᠭᠤᠯᠤᠨ᠎ᠠ᠃ | ︵ᠠᠷᠪᠠᠨ ᠳᠦᠷᠪᠡ︶ ᠪᠥᠬᠦ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠵᠢᠴᠢ ᠡᠨᠧᠷᠭᠢ ᠶᠢᠨ ᠬᠥᠭᠵᠢᠯᠲᠡ ᠶᠢᠨ ᠲᠥᠯᠥᠪᠵᠢᠭᠦᠯᠭᠡ᠂ ᠲᠥᠰᠦᠯ | ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠲᠠᠢ ᠵᠣᠯᠭᠠᠭᠤᠯᠤᠨ ᠲᠡᠩᠴᠡᠭᠦᠯᠬᠦ ᠶᠢ ᠨᠢᠭᠡᠳᠦᠯᠲᠡᠶ ᠲᠥᠯᠥᠪᠯᠡᠨ᠎ᠡ᠃ ᠵᠠᠮ ᠬᠠᠷᠢᠯᠴᠠᠭ᠎ᠠ | ᠂ ᠡᠨᠧᠷᠭᠢ ᠪᠠ ᠴᠢᠬᠤᠯᠠ ᠶᠡᠭᠡ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠦᠨᠳᠦᠰᠦᠨ ᠪᠡᠯᠡᠳᠬᠡᠮᠵᠢ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠬᠠᠮᠢᠶᠠᠷᠤᠨ᠎ᠠ᠃ | ︵ᠠᠷᠪᠠᠨ ᠲᠠᠪᠤ︶ ᠪᠦᠬᠦ ᠬᠤᠰᠢᠭᠤᠨ ᠤ ᠨᠡᠭᠦᠷᠡᠰᠦ᠂ ᠴᠠᠬᠢᠯᠭᠠᠨ ᠬᠦᠴᠦ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ᠂ ᠰᠢᠨ᠎ᠡ ᠡᠨᠧᠷᠭᠢ | ᠪᠣᠯᠤᠨ ᠳᠠᠬᠢᠨ ᠡᠭᠦᠰᠴᠦ ᠪᠣᠯᠬᠤ ᠡᠨᠧᠷᠭᠢ ᠵᠢᠴᠢ ᠲᠣᠰᠣ ᠪᠣᠯᠪᠠᠰᠤᠷᠠᠭᠤᠯᠬᠤ᠂ ᠨᠡᠭᠦᠷᠡᠰᠦ ᠪᠠᠷ ᠦᠢᠯᠡᠳᠦᠭᠰᠡᠨ ᠲᠦᠯᠡᠰᠢ ᠪᠣᠯᠤᠨ ᠲᠦᠯᠡᠰᠢᠨ ᠡᠲ᠋ᠢᠯ | ᠠᠯᠺᠣᠤᠯ ᠵᠡᠷᠭᠡ ᠠᠵᠢᠯ ᠲᠥᠷᠥᠯ ᠤᠨ ᠬᠠᠮᠢᠶᠠᠷᠤᠯᠲᠠ ᠶᠢ ᠡᠭᠦᠷᠭᠡᠯᠡᠨ᠎ᠡ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠢᠨᠠᠨ ᠵᠥᠪᠰᠢᠶᠡᠷᠡᠬᠦ᠂ | ᠳᠠᠩᠰᠠᠯᠠᠬᠤ᠂ ᠬᠢᠨᠠᠨ ᠬᠠᠷᠭᠤᠭᠤᠯᠵᠤ ᠰᠢᠯᠵᠢᠭᠦᠯᠦᠨ ᠮᠡᠳᠡᠭᠦᠯᠬᠦ ᠪᠥᠬᠦ ᠬᠤᠰᠢᠭᠤᠨ ᠤ ᠡᠨᠧᠷᠭᠢ ᠶᠢᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠲᠥᠷᠥᠯ ᠵᠦᠢᠯ ᠳᠤ ᠮᠡᠳᠡᠭᠦᠯᠦᠨ᠎ᠡ᠃ ᠪᠥᠬᠦ ᠬᠤᠰᠢᠭᠤᠨ ᠤ ᠨᠡᠭᠦᠷᠡᠰᠦᠨ ᠠᠭᠤᠷᠬᠠᠶ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ | ᠬᠡᠶ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠲᠤᠰᠬᠠᠶ ᠴᠡᠭᠴᠡᠯᠡᠨ ᠵᠠᠰᠠᠬᠤ ᠠᠵᠢᠯ ᠢ ᠬᠠᠷᠢᠭᠤᠴᠠᠵᠤ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠲᠦᠷᠢᠮ ᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠨᠡᠭᠦᠷᠡᠰᠦᠨ ᠠᠭᠤᠷᠬᠠᠶ ᠶᠢᠨ ᠠᠶᠤᠯᠭᠦᠶ ᠶᠢᠨ ᠰᠠᠭᠤᠷᠢ ᠪᠠᠶᠢᠭᠤᠯᠤᠯᠲᠠ ᠪᠠ | ᠪᠣᠯᠪᠠᠰᠤᠷᠠᠭᠤᠯᠤᠯ ᠤᠨ ᠠᠵᠢᠯ ᠢ ᠵᠢᠯᠣᠭᠤᠳᠤᠨ᠎ᠠ᠃ ᠪᠥᠬᠦ ᠬᠤᠰᠢᠭᠤᠨ ᠤ ᠡᠨᠧᠷᠭᠢ ᠶᠢᠨ ᠰᠤᠷᠪᠤᠯᠵᠢ ᠶᠢᠨ ᠭᠠᠳᠠᠭᠠᠳᠤ ᠲᠠᠢ ᠬᠠᠮᠲᠤᠷᠠᠯᠴᠠᠭ᠎ᠠ | ᠥᠷᠨᠢᠭᠦᠯᠬᠦ ᠶᠢ ᠬᠠᠷᠢᠭᠤᠴᠠᠵᠤ᠂ ᠬᠤᠰᠢᠭᠤ ᠰᠢᠶᠠᠨ ᠤ ᠬᠤᠭᠤᠷᠣᠨᠳᠣᠬᠢ ᠪᠠ ᠬᠢᠯᠢ ᠶᠢᠨ ᠭᠠᠳᠠᠨᠠᠬᠢ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ | ᠠᠵᠢᠯ ᠢ ᠵᠣᠬᠢᠴᠠᠭᠤᠯᠤᠨ ᠠᠬᠢᠭᠤᠯᠤᠨ᠎ᠠ᠃ ᠪᠥᠬᠦ ᠬᠤᠰᠢᠭᠤᠨ ᠤ ᠴᠠᠬᠢᠯᠭᠠᠨ ᠬᠦᠴᠦᠨ ᠤ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠨ᠂ | ᠴᠠᠬᠢᠯᠭᠠᠨ ᠬᠦᠴᠦᠨ ᠤ ᠠᠵᠢᠯᠯᠠᠭᠠᠨ ᠪᠠ ᠴᠠᠬᠢᠯᠭᠠᠨ ᠲᠣᠤᠷ ᠤᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠬᠦ ᠶᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠪᠥᠬᠦ ᠬᠤᠰᠢᠭᠤᠨ ᠤ ᠠᠮᠤ ᠪᠤᠳᠠᠭᠠᠨ ᠤ ᠬᠤᠷᠸ᠎ᠠ ᠲᠣᠬᠢᠷᠠᠭᠤᠯᠭ᠎ᠠ ᠡᠵᠡᠮᠰᠢᠯ᠂ ᠠᠮᠤ ᠪᠤᠳᠠᠭᠠᠨ ᠤ ᠬᠠᠩᠭᠠᠯᠭ᠎ᠠ | ᠬᠡᠷᠡᠭᠴᠡᠭᠡ ᠶᠢᠨ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠥᠬᠦ ᠬᠤᠰᠢᠭᠤᠨ ᠤ ᠠᠮᠤ ᠪᠤᠳᠠᠭ᠎ᠠ | ᠲᠣᠰᠣᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ᠶᠢ ᠰᠤᠳᠤᠯᠤᠨ ᠲᠣᠭᠲᠠᠭᠠᠵᠤ᠂ ᠠᠮᠤ ᠪᠤᠳᠠᠭ᠎ᠠ ᠬᠤᠳᠠᠯᠳᠤᠨ ᠠᠪᠬᠤ᠂ | ᠬᠠᠳᠠᠭᠠᠯᠠᠬᠤ ᠵᠠᠩᠭᠢᠯᠠᠭ᠎ᠠ ᠶᠢᠨ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠪᠠ ᠬᠠᠷ᠎ᠠ ᠠᠮᠤ ᠶᠢᠨ ᠡᠷᠡᠭᠦᠯ ᠬᠠᠮᠠᠭᠠᠯᠠᠯ ᠳᠤ ᠬᠢᠨᠠᠯᠲᠠ | ᠬᠠᠮᠢᠶᠠᠷᠤᠯᠲᠠ ᠬᠢᠬᠦ ᠶᠢ ᠬᠠᠷᠢᠭᠤᠴᠠᠨ᠎ᠠ︔ ᠠᠮᠤ ᠪᠤᠳᠠᠭᠠᠨ ᠤ ᠠᠮᠤᠷ ᠲᠦᠪᠰᠢᠨ ᠤ ᠬᠤᠰᠢᠭᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠬᠤ ᠪᠠ ᠬᠤᠰᠢᠭᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠬᠢᠨᠠᠨ ᠰᠢᠯᠭᠠᠬᠤ ᠪᠣᠳᠠᠲᠠᠶ ᠠᠵᠢᠯ ᠢ ᠬᠠᠷᠢᠭᠤᠴᠠᠨ᠎ᠠ︔ | ᠴᠡᠷᠢᠭ ᠤᠨ ᠠᠮᠤ ᠪᠤᠳᠠᠭ᠎ᠠ ᠬᠠᠩᠭᠠᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠱᠠᠲᠤᠨ ᠤ ᠨᠥᠭᠡᠴᠡ ᠠᠮᠤ ᠲᠣᠰᠣᠨ ᠤ ᠬᠠᠮᠢᠶᠠᠷᠤᠯᠲᠠ ᠶᠢᠨ | ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠰ ᠱᠠᠲᠤᠨ ᠤ ᠨᠥᠭᠡᠴᠡ ᠠᠮᠤ ᠲᠣᠰᠣᠨ ᠤ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ︔ ᠪᠦᠬᠦ ᠬᠤᠰᠢᠭᠤᠨ ᠤ ᠠᠮᠤ ᠪᠤᠳᠠᠭᠠᠨ ᠤ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ᠂ ᠪᠠᠶᠢᠷᠢᠰᠢᠭᠤᠯᠤᠯᠲᠠ ᠶᠢ ᠬᠠᠷᠢᠭᠤᠴᠠᠨ᠎ᠠ᠃ | ︵ᠠᠷᠪᠠᠨ ᠳᠣᠯᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | | | | | |