ᠤᠯᠤᠰ ᠤᠨ ᠳᠣᠲᠣᠭᠠᠳᠤ ᠶᠢᠨ ᠠᠩᠬᠠᠳᠠᠭᠴᠢ ᠬᠤᠪᠣᠷ ᠰᠢᠷᠣᠢ ᠶᠢᠨ ᠬᠦᠷᠢᠶᠡᠨ ᠳᠠᠬᠢ ᠵᠢᠩᠬᠢᠨᠢ ᠠᠩᠭᠢ ᠶᠢᠨ ᠮᠡᠷᠭᠡᠵᠢᠯ ᠢ ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ ᠳᠤ ᠲᠣᠬᠢᠷᠠᠭᠤᠯᠪᠠ
ᠨᠡᠶᠢᠲᠡᠯᠡᠭᠰᠡᠨ ᠴᠠᠭ᠄
2024/3/28
     ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ 2023 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠭᠢ ᠶᠢᠨ ᠮᠡᠷᠭᠡᠵᠢᠯ ᠤᠨ ᠳᠠᠩᠰᠠᠯᠠᠯᠲᠠ ᠪᠠ ᠬᠢᠨᠠᠨ ᠵᠥᠪᠰᠢᠶᠡᠷᠡᠯ ᠤᠨ ᠳ᠋ᠦᠩ ᠢ ᠨᠡᠶᠢᠲᠡᠯᠡᠵᠦ᠂ ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ ︽ᠬᠤᠪᠣᠷ ᠰᠢᠷᠣᠢ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠪᠠ ᠢᠨᠵᠧᠨᠧᠷᠢᠩ︾ ᠭᠡᠬᠦ ᠮᠡᠷᠭᠡᠵᠢᠯ ᠨᠡᠮᠡᠭᠰᠡᠨ ᠢᠶᠠᠷ ᠬᠤᠪᠣᠷ ᠰᠢᠷᠣᠢ ᠶᠢᠨ ᠬᠦᠷᠢᠶᠡᠨ ᠳᠠᠬᠢ ᠵᠢᠩᠬᠢᠨᠢ ᠠᠩᠭᠢ ᠶᠢᠨ ᠮᠡᠷᠭᠡᠵᠢᠯ ᠲᠠᠢ ᠤᠯᠤᠰ ᠤᠨ ᠳᠣᠲᠣᠭᠠᠳᠤ ᠶᠢᠨ ᠠᠩᠬᠠᠳᠠᠭᠴᠢ ᠶᠡᠭᠡ ᠳᠡᠭᠡᠳᠦ ᠰᠤᠷᠭᠠᠭᠤᠯᠢ ᠪᠣᠯᠵᠤ᠂ ᠬᠤᠪᠣᠷ ᠰᠢᠷᠣᠢ ᠶᠢᠨ ᠬᠦᠷᠢᠶᠡᠨ ᠳᠠᠬᠢ ᠵᠢᠩᠬᠢᠨᠢ ᠠᠩᠭᠢ ᠶᠢᠨ ᠮᠡᠷᠭᠡᠵᠢᠯ ᠤᠨ ᠪᠠᠶᠢᠷᠢᠯᠠᠭᠤᠯᠤᠯᠲᠠ ᠶᠢᠨ ᠬᠤᠭᠤᠰᠤᠨ ᠢ ᠨᠥᠬᠦᠪᠦᠷᠢᠯᠡᠭᠰᠡᠨ ᠪᠥᠭᠡᠳ᠂ ᠪᠥᠬᠦ ᠤᠯᠤᠰ ᠲᠤ ᠲᠣᠰ ᠮᠡᠷᠭᠡᠵᠢᠯ ᠤᠨ ᠪᠠᠶᠢᠭᠤᠯᠤᠯᠲᠠ ᠶᠢᠨ ᠪᠠᠷᠢᠮᠵᠢᠶ᠎ᠠ ᠶᠢ ᠠᠩᠬ᠎ᠠ ᠡᠭᠦᠳᠬᠦ ᠪᠣᠯᠣᠨ᠎ᠠ᠃     ᠬᠤᠪᠣᠷ ᠰᠢᠷᠣᠢ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠪᠠ ᠢᠨᠵᠧᠨᠧᠷᠢᠩ ᠤᠨ ᠵᠢᠩᠬᠢᠨᠢ ᠠᠩᠭᠢ ᠶᠢᠨ ᠮᠡᠷᠭᠡᠵᠢᠯ ᠠᠴᠠ ᠭᠠᠳᠠᠨ᠎ᠠ᠂ ᠲᠣᠰ ᠤᠳᠠᠭ᠎ᠠ ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ ᠳᠤ ᠪᠠᠰᠠ ᠣᠶᠤᠨᠲᠤ ᠦᠢᠯᠡᠳᠬᠦ ᠢᠨᠵᠧᠨᠧᠷᠢᠩ᠂ ᠬᠡᠷᠡᠭᠯᠡᠭᠡᠨ ᠤ ᠪᠦᠷᠢᠳᠬᠡᠯ ᠤᠨ ᠤᠬᠠᠭᠠᠨ᠂ ᠪᠡᠶ᠎ᠡ ᠶᠢᠨ ᠲᠠᠮᠢᠷ ᠤᠨ ᠪᠣᠯᠪᠠᠰᠤᠷᠠᠯ ᠵᠡᠷᠭᠡ 3 ᠵᠢᠩᠬᠢᠨᠢ ᠠᠩᠭᠢ ᠶᠢᠨ ᠮᠡᠷᠭᠡᠵᠢᠯ ᠢ ᠨᠡᠮᠡᠭᠰᠡᠨ ᠨᠢ ᠮᠡᠷᠭᠡᠵᠢᠯ ᠤᠨ ᠪᠦᠲᠦᠴᠡ ᠶᠢᠨ ᠲᠣᠬᠢᠷᠠᠭᠤᠯᠤᠯᠲᠠ ᠪᠠ ᠰᠢᠯᠢᠳᠡᠭᠵᠢᠭᠦᠯᠦᠯᠲᠡ ᠶᠢᠨ ᠰᠢᠨ᠎ᠡ ᠰᠢᠪᠲᠤᠯᠤᠯᠲᠠ ᠪᠣᠯᠤᠭᠰᠠᠨ ᠪᠠᠶᠢᠨ᠎ᠠ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠬᠤᠪᠣᠷ ᠰᠢᠷᠣᠢ ᠶᠢᠨ ᠮᠠᠲ᠋ᠧᠷᠢᠶᠠᠯ ᠤᠨ ᠠᠵᠤ ᠦᠢᠯᠡᠰ ᠲᠤ ᠦᠢᠯᠡᠴᠢᠯᠡᠬᠦ ᠶᠢᠨ ᠲᠣᠭᠤᠷᠢᠨ ᠳᠤ ᠰᠢᠨ᠎ᠡ ᠪᠠᠷ ᠨᠡᠮᠡᠵᠦ ᠪᠠᠶᠢᠭᠤᠯᠤᠭᠰᠠᠨ ︽ᠬᠤᠪᠣᠷ ᠰᠢᠷᠣᠢ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠪᠠ ᠢᠨᠵᠧᠨᠧᠷᠢᠩ︾ ᠨᠢ ᠬᠠᠮᠤᠭ ᠤᠨ ᠰᠢᠨ᠎ᠡ ︽ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠭᠢ ᠶᠢᠨ ᠮᠡᠷᠭᠡᠵᠢᠯ ᠤᠨ ᠭᠠᠷᠴᠠᠭ︾ ᠲᠤ ᠵᠢᠭᠰᠠᠭᠠᠭᠳᠠᠪᠠ᠂ ᠡᠨᠡ ᠪᠣᠯ ᠲᠣᠰ ᠰᠤᠷᠭᠠᠭᠤᠯᠢ ᠶᠢᠨ ᠵᠥᠪᠰᠢᠶᠡᠷᠡᠯ ᠣᠯᠣᠭᠰᠠᠨ ᠠᠩᠬᠠᠳᠠᠭᠴᠢ ᠰᠤᠷᠭᠠᠨ ᠬᠥᠮᠦᠵᠢᠯ ᠤᠨ ᠶᠠᠮᠤᠨ ᠤ ᠭᠠᠷᠴᠠᠭ ᠠᠴᠠ ᠭᠠᠳᠠᠨᠠᠬᠢ ᠰᠢᠨ᠎ᠡ ᠮᠡᠷᠭᠡᠵᠢᠯ ᠪᠣᠯᠣᠨ᠎ᠠ᠃     ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠡᠳᠡᠭᠡᠷ 4 ᠮᠡᠷᠭᠡᠵᠢᠯ ᠨᠢ 2024 ᠣᠨ ᠠᠴᠠ ᠡᠬᠢᠯᠡᠨ ᠰᠣᠷᠣᠭᠴᠢ ᠡᠯᠰᠡᠬᠦ ᠪᠣᠯᠣᠨ᠎ᠠ᠃ ᠳᠠᠷᠠᠭ᠎ᠠ ᠪᠠᠷ᠂ ᠲᠣᠰ ᠰᠤᠷᠭᠠᠭᠤᠯᠢ ᠨᠢ ᠤᠯᠤᠰ ᠪᠠ ᠣᠷᠣᠨ ᠪᠦᠰᠡ ᠶᠢᠨ ᠬᠥᠭᠵᠢᠯᠲᠡ ᠶᠢᠨ ᠬᠡᠷᠡᠭᠴᠡᠭᠡ ᠲᠠᠢ ᠨᠢᠭᠲᠠ ᠵᠣᠯᠭᠠᠭᠤᠯᠵᠤ᠂ ᠰᠢᠨᠵᠢᠯᠡᠭᠡᠨ ᠤ ᠰᠠᠯᠠᠭ᠎ᠠ ᠶᠢᠨ ᠮᠡᠷᠭᠡᠵᠢᠯ ᠤᠨ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠳᠠᠪᠠᠭᠤᠯᠢᠭ ᠣᠨᠴᠠᠯᠢᠭᠲᠤ ᠮᠡᠷᠭᠡᠵᠢᠯ ᠤᠨ ᠪᠦᠯᠦᠭᠵᠢᠯ ᠢ ᠬᠦᠴᠦᠷᠬᠡᠭᠵᠢᠭᠦᠯᠵᠦ᠂ ᠰᠢᠨᠵᠢᠯᠡᠭᠡᠨ ᠤ ᠰᠠᠯᠠᠭ᠎ᠠ ᠶᠢᠨ ᠮᠡᠷᠭᠡᠵᠢᠯ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃   
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ