ᠬᠠᠪᠤᠷ ᠤᠨ ᠲᠠᠷᠢᠶᠠᠯᠠᠭ᠎ᠠ ᠶᠢᠨ ᠶᠠᠭᠠᠷᠠᠤ ᠤᠯᠠᠷᠢᠯ ᠳᠤ ᠲᠦᠮᠡᠨ ᠮᠤ᠋ ᠯᠠᠵᠤᠤ ᠶᠢᠨ ᠠᠵᠤ ᠦᠢᠯᠡᠰ ᠤᠨ ᠬᠦᠷᠢᠶᠡᠯᠡᠩ ᠴᠢᠬᠢ  ᠪᠣᠶᠢᠵᠢᠭᠤᠯᠬᠤ ᠠᠵᠢᠯ ᠢᠶᠠᠨ ᠡᠮᠬᠢ  ᠴᠡᠭᠴᠡ ᠲᠠᠢ ᠱᠠᠯᠠᠪᠳᠠᠭᠤᠯᠤᠨ ᠬᠢᠵᠦ  ᠪᠠᠶᠢᠨ᠎ᠠ
ᠨᠡᠶᠢᠲᠡᠯᠡᠭᠰᠡᠨ ᠴᠠᠭ᠄
2024/3/28
      ᠬᠠᠪᠤᠷ ᠴᠠᠭ ᠪᠣᠯ ᠮᠠᠯᠴᠢᠨ ᠲᠠᠷᠢᠶᠠᠴᠢᠳ ᠤᠨ ᠬᠠᠮᠤᠭ ᠤᠨ ᠶᠠᠭᠠᠷᠠᠯᠲᠠᠢ ᠴᠠᠭ ᠦᠶ᠎ᠡ ᠪᠣᠯᠣᠨ᠎ᠠ᠃  ᠣᠳᠣᠬᠠᠨ ᠳᠤ  ᠬᠡᠳᠦᠶᠢᠪᠡᠷ ᠪᠠᠭ᠎ᠠ ᠬᠦᠢᠲᠡᠨ ᠪᠣᠯᠪᠠᠴᠤ ᠮᠠᠨ ᠤ ᠬᠤᠰᠢᠭᠤᠨ ᠤ ᠶᠡᠭᠡ ᠰᠢᠬᠡᠲᠡᠢ ᠪᠠᠯᠭᠠᠰᠤᠨ ᠤ ᠲᠦᠮᠡᠨ  ᠮᠤ᠋ ᠯᠠᠵᠤᠤ ᠶᠢᠨ ᠠᠵᠤ ᠦᠢᠯᠡᠰ ᠤᠨ ᠬᠦᠷᠢᠶᠡᠯᠡᠩ ᠳᠤ ᠂ ᠴᠢᠬᠢ ᠪᠣᠶᠢᠵᠢᠭᠤᠯᠬᠤ ᠡᠷᠦᠭᠡ ᠨᠦᠭᠦᠳ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠯᠠᠵᠤᠤ ᠶᠢᠨ ᠴᠢᠬᠢ ᠪᠣᠶᠢᠵᠢᠭᠤᠯᠬᠤ ᠠᠵᠢᠯ ᠢᠶᠠᠨ ᠶᠠᠭᠠᠷᠠᠯᠲᠠᠢ  ᠬᠢᠵᠤ ᠪᠠᠶᠢᠨ᠎ᠠ᠃

万亩辣椒图一.webp.jpg

      ᠶᠡᠭᠡ ᠰᠢᠬᠡᠲᠡᠢ ᠪᠠᠯᠭᠠᠰᠤᠨ ᠤ ᠲᠦᠮᠡᠨ  ᠮᠤ᠋  ᠯᠠᠵᠤᠤ ᠶᠢᠨ ᠠᠵᠤ ᠦᠢᠯᠡᠰ ᠤᠨ ᠬᠦᠷᠢᠶᠡᠯᠡᠩ ᠤᠨ ᠬᠦᠯᠡᠮᠵᠢ ᠳᠤ᠂ ᠲᠣᠰᠬᠤᠨ ᠤ ᠠᠷᠠᠳ

ᠬᠦᠷᠢᠶᠡᠯᠡᠩ ᠤᠨ ᠮᠡᠷᠭᠡᠵᠢᠯ ᠤᠨ ᠠᠵᠢᠯᠲᠠᠳ ᠤᠨ ᠵᠢᠯᠣᠭᠤᠳᠤᠯᠭ᠎ᠠ ᠳᠣᠣᠷ᠎ᠠ᠂ ᠴᠢᠬᠢ  ᠪᠣᠶᠢᠵᠢᠭᠤᠯᠬᠤ ᠭᠤᠣᠯᠳᠠᠯᠭ᠎ᠠ  ᠶᠢ ᠡᠵᠡᠮᠳᠡᠵᠦ ᠂ ᠴᠢᠬᠢ

ᠪᠣᠶᠢᠵᠢᠭᠤᠯᠬᠤ ᠮᠠᠰᠢᠨ  ᠢ ᠣᠨᠣᠪᠴᠢᠲᠠᠢ ᠠᠵᠢᠯᠯᠠᠭᠤᠯᠤᠨ᠂ ᠣᠯᠠᠨ ᠢᠶᠠᠷ ᠢᠶᠠᠨ ᠠᠵᠢᠯ ᠢᠶᠠᠨ ᠲᠣᠳᠣᠷᠬᠠᠢ ᠬᠤᠪᠢᠶᠠᠷᠢᠯᠠᠵᠤ᠂ ᠬᠠᠷᠢᠯᠴᠠᠨ ᠬᠠᠮᠵᠢᠯᠴᠠᠨ᠂

ᠬᠤᠯᠢᠬᠤ᠂ ᠲᠠᠪᠠᠭ ᠲᠤ ᠰᠠᠪᠠᠯᠠᠬᠤ᠂  ᠲᠠᠷᠢᠬᠤ ᠵᠡᠷᠭᠡ ᠠᠯᠢ ᠣᠯᠠᠨ ᠠᠵᠢᠯ ᠤᠨ  ᠳᠡᠰ ᠳᠠᠷᠠᠭᠠᠯᠠᠯ ᠢ ᠡᠮᠬᠢ  ᠴᠡᠭᠴᠡ ᠲᠠᠢ ᠪᠣᠯᠭᠠᠵᠤ ᠪᠤᠢ᠃

    《 3 ᠰᠠᠷ᠎ᠠ ᠶᠢᠨ ᠡᠬᠢ ᠪᠠᠷ ᠪᠤᠢ ᠪᠦᠬᠦᠢ ᠦᠷ᠎ᠡ ᠰᠠᠭᠤᠯᠭᠠᠬᠤ ᠠᠵᠢᠯ  ᠵᠠᠯᠭᠠᠪᠠᠷ ᠳᠠᠭᠤᠰᠴᠤ᠂ ᠤᠰᠤᠯᠠᠬᠤ᠂ ᠪᠦᠷᠭᠦᠪᠴᠢ ᠳᠡᠪᠢᠰᠦᠭᠰᠡᠨ ᠤ

ᠳᠠᠷᠠᠭ᠎ᠠ ᠳᠠᠭᠢᠭᠠᠳ ᠨᠢᠭᠡ ᠭᠠᠷᠠᠭ ᠥᠩᠭᠡᠷᠡᠪᠡᠯ ᠴᠢᠬᠢ ᠣᠷᠭᠤᠵᠤ᠂ 5 ᠰᠠᠷ᠎ᠠ ᠶᠢᠨ ᠡᠬᠢ ᠪᠠᠷ ᠵᠠᠶᠢᠯᠠᠵᠤ ᠪᠣᠯᠣᠨ᠎ᠠ᠂ ᠡᠨᠡ  ᠵᠢᠯ ᠨᠢᠳᠤᠨᠦᠨ ᠠᠴᠠ 17 

ᠬᠦᠯᠡᠮᠵᠢ ᠢᠯᠡᠭᠦᠦ ᠲᠠᠷᠢᠵᠤ᠂  ᠯᠠᠵᠤᠤ ᠲᠠᠷᠢᠬᠤ ᠲᠠᠯᠠᠪᠠᠢ ᠶᠢ ᠨᠢᠳᠤᠨᠤᠨ ᠠᠴᠠ 3000 ᠮᠤ᠋ ᠨᠡᠮᠡᠭᠳᠡᠭᠦᠯᠵᠡᠢ︾ ᠭᠡᠵᠦ ᠪᠠᠶᠠᠨᠨᠠᠭᠤᠷ ᠤᠨ ᠠᠲᠠᠷ

ᠬᠠᠭᠠᠯᠪᠤᠷᠢᠯᠠᠯᠲᠠ ᠶᠢᠨ ᠪᠦᠯᠦᠭᠯᠡᠯ ᠤᠨ ᠶᠡᠭᠡ ᠰᠢᠭᠡᠲᠡᠢ ᠳᠠᠬᠢ ᠴᠢᠬᠢ ᠪᠣᠶᠢᠵᠢᠭᠤᠯᠬᠤ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠯᠢᠦ ᠴᠢᠶᠠᠩ

ᠰᠣᠷᠪᠤᠯᠵᠢᠯᠠᠭᠴᠢ ᠳᠤ ᠶᠠᠷᠢᠪᠠ᠃

      ᠠᠵᠤ ᠦᠢᠯᠡᠰ ᠬᠥᠭᠵᠢᠭᠦᠯᠬᠦ ᠪᠣᠯ ᠣᠯᠠᠨ ᠲᠦᠮᠡᠨ ᠤ ᠣᠷᠤᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠶᠢᠨ ᠰᠠᠭᠤᠷᠢ ᠮᠥᠨ᠃ ᠣᠶᠢᠷ᠎ᠠ ᠶᠢᠨ ᠵᠢᠯ ᠤᠳ ᠲᠤ᠂ ᠶᠡᠭᠡ ᠰᠢᠬᠡᠲᠡᠢ ᠪᠠᠯᠭᠠᠰᠤ ᠥᠪᠡᠷᠮᠢᠴᠡ ᠡᠬᠢ ᠪᠠᠶᠠᠯᠢᠭ ᠪᠠ ᠭᠠᠵᠠᠷ ᠵᠦᠢ ᠶᠢᠨ

ᠳᠠᠪᠠᠭᠤᠯᠢᠭ ᠲᠠᠭᠠᠨ ᠲᠦᠰᠢᠭᠯᠡᠵᠦ᠂ ᠪᠦᠳᠦᠴᠡ ᠶᠢᠨ ᠲᠣᠬᠢᠷᠠᠭᠤᠯᠤᠯᠲᠠ ᠪᠠᠨ ᠲᠠᠰᠤᠷᠠᠯᠲᠠ ᠦᠭᠡᠢ  ᠰᠢᠯᠢᠳᠡᠭᠵᠢᠭᠦᠯᠵᠦ᠂ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠥᠭᠵᠢᠯᠲᠡ ᠶᠢᠨ  ᠠᠵᠠ ᠲᠣᠬᠢᠶᠠᠯ ᠢ ᠠᠳᠬᠤᠵᠤ᠂ ᠲᠠᠷᠢᠶᠠᠯᠠᠩ ᠤᠨ ᠠᠵᠤ ᠦᠢᠯᠡᠰ ᠤᠨ

ᠪᠦᠳᠦᠴᠡ ᠶᠢᠨ ᠲᠣᠬᠢᠷᠠᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ ᠵᠢᠱᠢᠶ᠎ᠡ ᠦᠵᠡᠭᠦᠯᠦᠨ

ᠲᠠᠶᠢᠴᠢᠯᠠᠬᠤ ᠂ ᠰᠢᠨᠵᠢᠯᠡᠭᠡ ᠮᠡᠷᠭᠡᠵᠢᠯ ᠢᠶᠠᠷ ᠠᠬᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂  ᠯᠠᠵᠤᠤ ᠶᠢᠨ ᠠᠵᠤ ᠦᠢᠯᠡᠰ ᠤᠨ ᠬᠥᠭᠵᠢᠯᠲᠡ

 ᠶᠢᠨ ᠠᠯᠬᠤᠴᠠ ᠶᠢ ᠲᠠᠰᠤᠷᠠᠯᠲᠠ ᠦᠭᠡᠢ ᠲᠦᠷᠭᠡᠳᠬᠡᠵᠦ᠂  ᠡᠷᠴᠢᠮᠵᠢᠭᠦᠯᠦᠭᠰᠡᠨ ᠯᠠᠵᠤᠤ ᠶᠢᠨ ᠴᠢᠬᠢ ᠪᠣᠶᠢᠵᠢᠭᠤᠯᠬᠤ ᠡᠷᠴᠢᠮ ᠢ ᠦᠷᠭᠦᠯᠵᠢᠯᠡᠨ

ᠴᠢᠩᠭᠠᠷᠠᠭᠤᠯᠵᠤ᠂  ᠠᠵᠤ ᠦᠢᠯᠡᠰ ᠤᠨ ᠬᠥᠭᠵᠢᠯᠲᠡ ᠶᠢᠨ ᠰᠢᠨ᠎ᠡ  ᠬᠦᠳᠡᠯᠭᠡᠬᠦ ᠬᠦᠴᠦᠨ ᠢ ᠬᠥᠭᠵᠢᠬᠡᠨ᠂  ᠳᠠᠪᠠᠭᠤᠯᠢᠭ ᠠᠵᠤ ᠦᠢᠯᠡᠰ ᠤᠨ ᠬᠡᠪᠴᠢᠶ᠎ᠡ

 ᠶᠢ ᠥᠷᠭᠡᠳᠬᠡᠨ᠂  ᠯᠠᠵᠤᠤ ᠶᠢᠨ ᠠᠵᠤ ᠦᠢᠯᠡᠰ ᠤᠨ ᠥᠪᠡᠷᠮᠢᠴᠡ ᠤᠨᠴᠠᠯᠢᠭ ᠲᠠᠢ᠂  ᠬᠡᠪᠴᠢᠶᠡᠵᠢᠭᠰᠡᠨ᠂  ᠲᠠᠸᠠᠷᠴᠢᠯᠠᠭᠰᠠᠨ ᠬᠥᠭᠵᠢᠯᠲᠡ ᠶᠢ

ᠪᠡᠶᠡᠯᠡᠭᠦᠯᠵᠦ᠂ ᠲᠠᠷᠢᠶᠠᠯᠠᠩ ᠤᠨ ᠣᠳᠣᠬᠢᠴᠢᠯᠠᠯᠲᠠ ᠶᠢᠨ ᠶᠠᠰᠤ ᠴᠢᠨᠠᠷ ᠢ  ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ ᠪᠠᠶᠢᠨ᠎ᠠ᠃

万亩辣椒图二.webp.jpg

      ᠡᠨᠡ ᠵᠢᠯ ᠶᠡᠭᠡ ᠰᠢᠬᠡᠲᠡᠢ ᠪᠠᠯᠭᠠᠰᠤᠨ ᠤ ᠲᠦᠮᠡᠨ ᠮᠤ᠋ ᠯᠠᠵᠤᠤ ᠶᠢᠨ ᠠᠵᠤ ᠦᠢᠯᠡᠰ ᠤᠨ ᠬᠦᠷᠢᠶᠡᠯᠡᠩ 2 ᠰᠠᠷ᠎ᠠ ᠶᠢᠨ 15 ᠤ ᠡᠳᠦᠷ ᠠᠴᠠ

ᠡᠬᠢᠯᠡᠨ ᠯᠠᠵᠤᠤ ᠲᠠᠷᠢᠵᠤ᠂ ᠦᠷ᠎ᠡ ᠰᠠᠭᠤᠯᠭᠠᠬᠤ ᠵᠡᠷᠭᠡ ᠠᠯᠢ ᠣᠯᠠᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠬᠢᠵᠦ᠂ 51 ᠬᠦᠯᠡᠮᠵᠢ ᠳᠤ ᠴᠢᠬᠢ

ᠪᠣᠶᠢᠵᠢᠭᠤᠯᠬᠤ ᠪᠠᠷ ᠲᠥᠯᠥᠪᠯᠡᠵᠦ᠂ ᠬᠦᠯᠡᠮᠵᠢ ᠪᠦᠷᠢ ᠳᠤ 7500 ᠲᠠᠪᠠᠭ᠂ ᠨᠠᠶᠢᠳᠠ 38 ᠲᠦᠮᠡ ᠭᠠᠷᠤᠢ ᠲᠠᠪᠠᠭ ᠪᠠᠶᠢᠵᠤ᠂ ᠡᠨᠡ ᠨᠢ  ᠪᠦᠬᠦ

ᠪᠠᠯᠭᠠᠰᠤᠨ ᠤ 9 ᠵᠠᠰᠠᠭ ᠵᠠᠭᠢᠷᠭᠠᠨ ᠤ ᠲᠣᠰᠬᠤᠨ ᠤ 1 ᠲᠦᠮᠡ ᠭᠠᠷᠤᠢ ᠮᠦ ᠭᠠᠵᠠᠷ ᠲᠤ ᠯᠠᠵᠤᠤ ᠲᠠᠷᠢᠬᠤ ᠶᠢ ᠬᠠᠩᠭᠠᠵᠤ ᠳᠡᠶᠢᠯᠬᠦ ᠪᠣᠯᠣᠨ᠎ᠠ᠃ ᠠᠵᠤ

ᠦᠢᠯᠡᠰ ᠤᠨ ᠬᠦᠷᠢᠶᠡᠯᠡᠩ  ᠤᠨ ᠯᠠᠵᠤᠤ ᠶᠢᠨ ᠴᠢᠬᠢ ᠪᠣᠶᠢᠵᠢᠭᠤᠯᠬᠤ ᠳᠤ ᠴᠥᠮ ᠨᠠᠷᠢᠯᠢᠭ ᠬᠡᠮᠵᠢᠶᠡᠨ ᠤ ᠦᠷ᠎ᠡ  ᠰᠠᠭᠤᠯᠭᠠᠬᠤ ᠮᠠᠰᠢᠨ ᠢ ᠬᠡᠷᠡᠭᠯᠡᠵᠦ᠂

ᠴᠢᠬᠢ ᠪᠣᠶᠢᠵᠢᠭᠤᠯᠬᠤ ᠮᠡᠷᠭᠡᠵᠢᠯ ᠢ ᠬᠡᠷᠡᠭᠯᠡᠨ᠂ ᠲᠥᠪᠯᠡᠷᠡᠭᠦᠯᠦᠨ  ᠴᠢᠬᠢ ᠪᠣᠶᠢᠵᠢᠭᠤᠯᠬᠤ ᠬᠠᠮᠢᠶᠠᠷᠤᠯᠲᠠ ᠶᠢ ᠬᠡᠷᠡᠭᠵᠢᠭᠦᠯᠦᠭᠰᠡᠨ ᠢᠶᠠᠷ ᠴᠢᠬᠢ

ᠪᠣᠶᠢᠵᠢᠭᠤᠯᠬᠤ ᠨᠣᠷᠮ᠎ᠠ ᠶᠢ ᠳᠡᠭᠡᠭᠰᠢᠯᠡᠭᠦᠯᠬᠦ ᠪᠠᠷ ᠪᠠᠷᠠᠬᠤ ᠦᠭᠡᠢ  ᠦᠰᠦᠯᠲᠡ ᠶᠢᠨ ᠦᠶᠡᠯᠡᠯ ᠤᠨ ᠬᠤᠭᠤᠴᠠᠭ᠎ᠠ ᠶᠢ ᠴᠤ ᠪᠣᠭᠤᠨᠢᠰᠬᠠᠳᠠᠭ᠃

   《 ᠣᠳᠣ ᠵᠠᠯᠭᠠᠭᠠᠳ᠂ ᠶᠡᠭᠡ ᠰᠢᠬᠡᠲᠡᠢ ᠪᠠᠯᠭᠠᠰᠤ ᠲᠦᠮᠡᠨ  ᠮᠤ᠋  ᠯᠠᠵᠤᠤ ᠶᠢᠨ ᠠᠵᠤ ᠦᠢᠯᠡᠰ ᠤᠨ ᠬᠦᠷᠢᠶᠡᠯᠡᠩ ᠳᠤ ᠲᠦᠰᠢᠭᠯᠡᠨ᠂ ᠶᠡᠷᠦᠩᠬᠡᠢ

 ᠳᠡᠭᠡᠨ〈 ᠨᠢᠭᠡ ᠬᠦᠷᠢᠶᠡᠯᠡᠩ ᠲᠠᠪᠤᠨ ᠲᠣᠭᠤᠷᠢᠭ〉 ᠤᠨ  ᠲᠦᠯᠦᠪᠵᠢᠭᠦᠯᠭᠡ ᠶᠢᠨ ᠰᠡᠳᠬᠢᠴᠡ ᠶᠣᠰᠣᠭᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ

 ᠤᠨ ᠪᠦᠲᠦᠭᠡᠨ ᠪᠠᠶᠢᠭᠤᠯᠤᠯᠲᠠ᠂  ᠯᠠᠵᠤᠤ ᠶᠢᠨ ᠠᠵᠤ ᠦᠢᠯᠡᠰ ᠤᠨ ᠰᠢᠰᠲ᠋ᠧᠮ᠂ ᠳᠦᠭᠦᠭᠡᠷᠦᠮᠵᠢᠲᠦ ᠲᠠᠷᠢᠶᠠᠯᠠᠩ ᠵᠡᠷᠭᠡ ᠬᠤᠯᠪᠣᠭᠳᠠᠯ ᠪᠦᠬᠦᠢ ᠳᠦᠷᠦᠯ

ᠵᠦᠢᠯ ᠢ ᠠᠭᠤᠰᠤᠯᠴᠠᠭᠤᠯᠵᠤ᠂ 〈ᠵᠠᠰᠠᠭ ᠤᠨ ᠣᠷᠳᠣᠨ + ᠠᠵᠤ ᠠᠬᠤᠶᠢᠯᠠᠯ + ᠬᠤᠷᠰᠢᠶᠠᠵᠢᠯ + ᠲᠣᠰᠬᠤᠨ ᠤ ᠬᠠᠮᠲᠤ ᠨᠢᠭᠡᠴᠡ + ᠲᠠᠷᠢᠶᠠᠴᠢᠨ

ᠡᠷᠦᠭᠡ〉 ᠶᠢᠨ  ᠵᠠᠭᠪᠤᠷ ᠶᠣᠰᠣᠭᠠᠷ᠂ ᠴᠢᠬᠢ ᠪᠣᠶᠢᠵᠢᠭᠤᠯᠬᠤ᠂ ᠲᠠᠷᠢᠬᠤ᠂  ᠡᠳ᠋ᠰᠢᠭᠦᠯᠬᠦ᠂ ᠬᠦᠢᠲᠡᠨ ᠬᠡᠯᠬᠢᠶ᠎ᠡ᠂  ᠠᠷᠠᠯᠵᠢᠶ᠎ᠠ ᠶᠢ ᠨᠢᠭᠡ

ᠴᠤᠭᠴᠠᠵᠢᠭᠤᠯᠤᠭᠰᠠᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠵᠤ᠂ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ︾  ᠭᠡᠵᠦ ᠶᠡᠭᠡ ᠰᠢᠬᠡᠲᠡᠢ ᠪᠠᠯᠭᠠᠰᠤᠨ ᠤ ᠨᠠᠮ ᠤᠨ ᠬᠤᠷᠢᠶ᠎ᠠ ᠶᠢᠨ ᠭᠡᠰᠢᠭᠦᠨ᠂ ᠵᠠᠰᠠᠭ ᠤᠨ ᠣᠷᠳᠣᠨ ᠤ

ᠳᠡᠳ᠋ ᠪᠠᠯᠭᠠᠰᠤᠨ ᠳᠠᠷᠤᠭ᠎ᠠ ᠬᠤᠦ ᠵᠢᠶᠦ᠋ᠩ ᠰᠣᠷᠪᠤᠯᠵᠢᠯᠠᠭᠴᠢ ᠳᠤ ᠶᠠᠷᠢᠪᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ