ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 5 ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ | ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ | ᠴᠢᠬᠤᠯᠠ ᠡᠭᠦᠷᠭᠡ ᠶᠢ ᠪᠠᠲᠤ ᠡᠵᠡᠮᠳᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠬᠡᠷᠡᠭᠲᠡᠢ᠃ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ | ᠬᠤᠪᠢᠰᠤᠯᠲᠠ ᠶᠢᠨ ᠡᠮᠦᠨ᠎ᠡ᠂ ᠪᠢᠳᠡ ᠡᠷᠬᠡᠪᠰᠢ ᠴᠠᠭ ᠲᠣᠭᠢᠶᠠᠯ ᠢ ᠠᠮᠵᠢᠨ᠂ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠤᠨ ᠪᠦᠲᠦᠭᠡᠨ | ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ ᠨᠢ ᠤᠯᠠᠮᠵᠢᠯᠠᠯᠲᠤ ᠠᠵᠤ ᠦᠢᠯᠡᠰ ᠢ ᠣᠮᠲᠣᠭᠠᠶᠢᠯᠠᠵᠤ᠂ ᠲᠠᠶᠠᠭᠳᠠᠬᠤ ᠶᠠᠪᠤᠳᠠᠯ ᠪᠢᠰᠢ᠂ ᠨᠢᠭᠡ ᠯᠡ ᠳᠡᠷᠪᠡᠵᠦ ᠰᠣᠬᠤᠷ | ᠪᠠᠯᠠᠢ ᠪᠠᠷ ᠶᠠᠭᠠᠷᠠᠵᠤ᠂ ᠬᠥᠭᠡᠰᠦᠷᠡᠯ ᠪᠤᠯᠬᠤ ᠠᠴᠠ ᠰᠡᠷᠭᠡᠶᠢᠯᠡᠬᠦ ᠬᠡᠷᠡᠭᠲᠡᠢ᠂ ᠨᠢᠭᠡ ᠯᠡ ᠵᠦᠢᠯ ᠤᠨ ᠵᠠᠭᠪᠤᠷ ᠢ ᠬᠡᠷᠡᠭᠯᠡᠵᠦ ᠪᠠᠰᠠ ᠪᠤᠯᠬᠤ ᠦᠭᠡᠢ᠃ ᠡᠯ᠎ᠡ | ᠭᠠᠵᠠᠷ ᠤᠨ ᠬᠢᠨ ᠪᠣᠳᠠᠲᠠᠢ ᠠᠴᠠ ᠡᠭᠦᠰᠬᠦ ᠶᠢ ᠪᠠᠷᠢᠮᠲᠠᠯᠠᠨ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠵᠦ᠂ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠥᠷᠥᠯ ᠬᠤᠪᠢᠶᠠᠨ ᠵᠢᠯᠤᠭᠤᠳᠴᠤ᠂ ᠲᠣᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ᠂ ᠠᠵᠤ | ᠦᠢᠯᠡᠰ ᠤᠨ ᠰᠠᠭᠤᠷᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠵᠡᠷᠭᠡ ᠪᠠᠨ ᠦᠨᠳᠦᠰᠦᠯᠡᠨ ᠰᠢᠨ᠎ᠡ ᠠᠵᠤ ᠦᠢᠯᠡᠰ᠂ ᠰᠢᠨ᠎ᠡ ᠵᠠᠭᠪᠤᠷ᠂ | ᠰᠢᠨ᠎ᠡ ᠬᠥᠳᠡᠯᠭᠡᠬᠦ ᠡᠨᠧᠷᠭᠢ ᠶᠢᠨ ᠬᠥᠭᠵᠢᠯᠲᠡ ᠶᠢ ᠰᠣᠩᠭᠤᠯᠲᠠ ᠲᠠᠢ ᠪᠠᠷ ᠠᠬᠢᠭᠤᠯᠵᠤ᠂ ᠰᠢᠨ᠎ᠡ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ | ᠥᠭᠡᠷᠡᠴᠢᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠳᠡᠭᠡᠳᠦ ᠳᠡᠰᠵᠢᠯᠳᠡ᠂ ᠣᠶᠤᠨᠴᠢᠯᠠᠯᠲᠠ᠂ ᠪᠣᠬᠢᠷᠳᠤᠯ ᠦᠭᠡᠢ ᠪᠤᠯᠭᠠᠬᠤ ᠶᠢ ᠢᠳᠡᠪᠬᠢᠲᠡᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | | | 3 ᠰᠠᠷ᠎ᠠ ᠶᠢᠨ 5 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠡᠭᠦᠨ ᠤ ᠪᠠᠶᠢᠭ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ | ᠣᠷᠣᠯᠴᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠤᠸᠠᠢ ᠶᠤᠸᠠᠢ ᠸᠧᠢ ᠰᠡᠭᠦᠳᠡᠷᠯᠡᠪᠡ | | ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠨᠠᠷᠢᠨ ᠬᠢᠨᠠᠮᠠᠭᠠᠢ ᠬᠢᠨᠠᠨ ᠵᠥᠪᠯᠡᠵᠦ᠂ ᠭᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠼᠦᠢ ᠲᠢᠶᠧ | ᠵᠢᠶᠦ᠋ᠨ᠂ ᠭᠤᠤ ᠵᠢᠢ ᠹᠠᠨ᠂ ᠰᠥᠩ ᠶᠠᠨ᠂ ᠦ᠋ ᠬᠤᠶ ᠹᠠᠩ᠂ ᠦ᠋ ᠰᠢᠨ ᠮᠢᠩ᠂ ᠰᠦᠨ ᠵᠢᠩ ᠨᠠᠨ ᠵᠡᠷᠭᠡ 6 ᠲᠥᠯᠥᠭᠡᠯᠡᠭᠴᠢ ᠲᠣᠰ ᠲᠣᠰ ᠥᠨᠳᠥᠷ | ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠪᠡᠶᠡᠯᠡᠭᠦᠯᠬᠦ᠂ ᠳᠤᠮᠳᠠᠳᠤ ᠤᠯᠤᠰ ᠤᠨ | ᠭᠡᠷᠡᠯᠴᠢ ᠴᠡᠨᠡᠭ ᠤᠨ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠶᠢ | ᠴᠢᠩᠭᠠᠳᠬᠠᠬᠤ᠂ ᠬᠠᠮᠲᠤ ᠪᠠᠷ ᠪᠠᠶᠠᠵᠢᠭᠰᠠᠨ ᠵᠣᠯ ᠵᠢᠷᠭᠠᠯᠲᠤ ᠲᠣᠰᠬᠤᠨ ᠢ ᠪᠠᠶᠢᠭᠤᠯᠬᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ | ᠴᠣᠭᠴᠠᠵᠢᠭᠰᠠᠨ ᠬᠥᠭᠵᠢᠯᠲᠡ ᠳᠤ ᠦᠢᠯᠡᠴᠢᠯᠡᠬᠦ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠵᠡᠷᠭᠡ ᠠᠰᠠᠭᠤᠳᠠᠯ ᠤᠨ ᠲᠤᠬᠠᠢ ᠦᠭᠡ ᠬᠡᠯᠡᠪᠡ | ᠃ ᠰᠢ ᠶᠢᠨ ᠫᠢᠩ ᠪᠠᠶᠢᠨ ᠳᠠᠭᠢᠨ ᠳᠤᠮᠳᠠ ᠨᠢ ᠦᠭᠡ ᠬᠡᠯᠡᠵᠦ᠂ ᠤᠯᠠᠨ ᠲᠠᠢ ᠶᠠᠷᠢᠯᠴᠠᠵᠤ ᠰᠣᠯᠢᠯᠴᠠᠪᠠ᠃ | ᠣᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠦᠭᠡ ᠬᠡᠯᠡᠪᠡ᠃ ᠲᠡᠷᠡ ᠡᠩ ᠲᠡᠷᠢᠭᠦᠨ ᠳᠤ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠢ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ᠵᠢᠶᠠᠩᠰᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠣᠯᠣᠭᠰᠠᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠵᠢᠶᠠᠩᠰᠤ ᠶᠢᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ | ᠵᠣᠷᠢᠭ ᠢᠶᠠᠨ ᠬᠥᠪᠴᠢᠯᠡᠵᠦ᠂ ᠴᠢᠬᠤᠯᠠ ᠡᠭᠦᠷᠭᠡ ᠶᠢ ᠵᠣᠷᠢᠭᠲᠠᠢ ᠡᠭᠦᠷᠭᠡᠯᠡᠵᠦ᠂ ᠪᠦᠭᠦ ᠤᠯᠤᠰ ᠤᠨ ᠶᠡᠭᠡ ᠲᠠᠯ᠎ᠠ ᠳᠤ ᠨᠡᠩ ᠶᠡᠭᠡ ᠬᠤᠪᠢ ᠨᠡᠮᠡᠷᠢ | ᠦᠵᠡᠭᠦᠯᠭᠦ ᠶᠢ ᠬᠦᠰᠡᠪᠡ᠃ | ᠰᠢ ᠶᠢᠨ ᠫᠢᠩ᠂ ᠵᠢᠶᠠᠩᠰᠤ ᠶᠢᠨ ᠬᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠰᠠᠶᠢᠨ ᠰᠠᠶᠢᠬᠠᠨ ᠨᠥᠬᠦᠴᠡᠯ ᠪᠠ | ᠴᠢᠳᠠᠪᠤᠷᠢ ᠲᠠᠢ ᠶᠤᠮ᠃ ᠲᠡᠷᠢᠭᠦᠨ ᠤ ᠦᠢᠯᠡᠳᠬᠦ ᠦᠢᠯᠡᠰ ᠢᠶᠠᠷ ᠭᠤᠣᠯ ᠪᠤᠯᠭᠠᠬᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ | ᠡᠨᠡ ᠬᠦ ᠭᠤᠣᠯᠳᠠᠯᠭ᠎ᠠ ᠶᠢ ᠲᠣᠪᠤᠶᠢᠯᠭᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠤᠯᠭᠠᠵᠤ᠂ | ᠤᠯᠠᠮᠵᠢᠯᠠᠯᠲᠤ ᠠᠵᠤ ᠦᠢᠯᠡᠰ ᠢ ᠲᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ | ᠪᠤᠶᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ | ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠨ᠂ ᠤᠯᠠᠮᠵᠢᠯᠠᠯᠲᠤ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ | ᠪᠠᠬᠢᠵᠢᠭᠦᠯᠵᠦ᠂ ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ ᠲᠠᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ | ᠪᠦᠯᠦᠭᠵᠢᠯ ᠢ ᠲᠦᠷᠭᠡᠳᠬᠡᠨ ᠪᠠᠶᠢᠭᠤᠯᠵᠤ᠂ ᠵᠢᠶᠠᠩᠰᠤ ᠶᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ | ᠵᠢᠭᠰᠠᠭᠠᠯ ᠤᠨ ᠭᠠᠵᠠᠷ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠥᠯᠥᠪᠵᠢᠭᠦᠯᠵᠦ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠦᠷᠭᠦᠯᠵᠢᠯᠡᠨ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠪᠠᠶᠢᠭᠤᠯᠤᠮᠵᠢ ᠶᠢ ᠪᠠᠶᠢᠭᠤᠯᠬᠤ ᠲᠣᠭᠤᠷᠢᠨ ᠳᠤ᠂ ᠥᠮᠴᠢᠯᠡᠯ ᠤᠨ ᠡᠷᠬᠡ ᠶᠢ ᠬᠠᠮᠠᠭᠠᠯᠠᠬᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠡᠷᠬᠡ | ᠲᠡᠭᠰᠢ ᠪᠠᠷ ᠥᠷᠢᠰᠦᠯᠳᠦᠬᠦ᠂ ᠨᠡᠶᠢᠭᠡᠮ ᠤᠨ ᠢᠲᠡᠭᠡᠮᠵᠢ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ ᠲᠦᠷᠭᠡᠳᠬᠡᠨ | ᠲᠡᠭᠦᠯᠳᠡᠷᠵᠢᠭᠦᠯᠬᠦ ᠬᠡᠷᠡᠭᠲᠡᠢ᠃ ︽ᠬᠤᠶᠠᠷ ᠡᠷᠡᠰ ᠭᠤᠶᠢᠪᠢᠰᠢ ᠦᠭᠡᠢ ᠪᠠᠶᠢᠬᠤ︾ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ | ᠪᠤᠵᠠᠭᠠᠶᠢᠷᠠᠬᠤ ᠶᠢ ᠲᠡᠮᠵᠢᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠭᠠᠳᠤ ᠬᠥᠳᠡᠯᠭᠡᠬᠦ ᠬᠦᠴᠦᠨ ᠪᠣᠯᠣᠨ ᠰᠢᠨ᠎ᠡ ᠶᠢ | ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠠᠶᠢᠭᠤᠯᠤᠮᠵᠢ᠂ ᠰᠤᠷᠭᠠᠨ ᠬᠥᠮᠦᠵᠢᠯ ᠤᠨ | ᠪᠠᠶᠢᠭᠤᠯᠤᠮᠵᠢ᠂ ᠴᠢᠳᠠᠪᠤᠷᠢᠲᠠᠨ ᠤ ᠪᠠᠶᠢᠭᠤᠯᠤᠮᠵᠢ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠤ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠦᠭᠵᠢᠷᠡᠯ ᠪᠠ ᠬᠤᠷᠢᠭ᠎ᠠ ᠶᠢ ᠨᠡᠪᠲᠡᠷᠡᠭᠦᠯᠬᠦ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ᠂ | ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠪᠠᠶᠢᠭᠤᠯᠵᠤ᠂ ᠨᠠᠩ ᠥᠨᠳᠥᠷ ᠲᠦᠪᠰᠢᠨ | ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠳᠠᠪᠠᠭᠤᠯᠢᠭ ᠢ ᠪᠤᠶ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠠᠯᠢ ᠤᠯᠠᠨ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠣᠯ ᠴᠣᠭᠴᠠ ᠶᠢᠨ ᠴᠢᠳᠠᠮᠵᠢᠲᠤ | ᠣᠷᠣᠨ ᠤ ᠪᠠᠶᠢᠯᠳᠤᠬᠤ ᠪᠣᠳᠣᠯᠭ᠎ᠠ ᠵᠡᠷᠭᠡ ᠶᠢ ᠬᠡᠷᠡᠭᠵᠢᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠪᠡ᠃ ᠵᠢᠶᠠᠩᠰᠤ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠪᠣᠯᠣᠨ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠪᠦᠭᠦ ᠲᠠᠯ᠎ᠠ ᠪᠠᠷ ᠠᠭᠤᠰᠤᠯᠴᠠᠨ | ᠦᠢᠯᠡᠴᠢᠯᠡᠵᠦ᠂ ᠪᠤᠰᠤᠳ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠣᠨ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠯᠤᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠨᠡᠩ ᠶᠡᠭᠡ ᠬᠡᠪᠴᠢᠶᠡᠨ ᠳᠤ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ | ᠬᠠᠩᠭᠠᠯᠭ᠎ᠠ ᠶᠢᠨ ᠬᠡᠯᠬᠢᠶ᠎ᠡ ᠶᠢ ᠬᠤᠯᠪᠤᠭᠠᠯᠠᠨ ᠪᠠᠶᠢᠭᠤᠯᠵᠤ᠂ ᠣᠷᠣᠨ ᠪᠦᠰᠡ ᠴᠢᠨᠠᠭᠰᠢᠯᠠᠪᠠᠯ ᠪᠦᠭᠦ ᠤᠯᠤᠰ ᠤᠨ ᠬᠥᠭᠵᠢᠯᠲᠡ ᠳᠤ ᠦᠵᠡᠭᠦᠯᠭᠦ ᠠᠵᠤ | ᠠᠬᠤᠢ ᠶᠢᠨ ᠲᠣᠮᠣ ᠮᠤᠵᠢ ᠶᠢᠨ ᠨᠥᠯᠥᠭᠡᠯᠡᠨ ᠳᠠᠶᠢᠴᠢᠯᠠᠬᠤ ᠬᠦᠴᠦᠨ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠦᠷᠭᠦᠯᠵᠢᠯᠡᠨ ᠪᠠᠬᠢᠵᠢᠭᠦᠯᠦᠨ ᠴᠢᠩᠭᠠᠳᠬᠠᠵᠤ᠂ ᠪᠦᠭᠦ ᠨᠡᠶᠢᠭᠡᠮ ᠤᠨ | ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠬᠦ ᠳᠤ᠂ ᠨᠠᠮ ᠤᠨ ᠭᠡᠰᠢᠭᠦᠨ ᠺᠠᠳ᠋ᠷ ᠡᠩ ᠲᠡᠷᠢᠭᠦᠨ ᠳᠤ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨ ᠬᠦ | ᠠᠳᠬᠤᠨ ᠪᠣᠳᠠᠲᠠᠢ ᠠᠵᠢᠯᠯᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠷᠳᠤ | ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠵᠤ᠂ ᠦᠨᠳᠦᠰᠦᠨ | ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠪᠦᠭᠦ ᠨᠠᠮ ᠪᠦᠭᠦ ᠨᠡᠶᠢᠭᠡᠮ ᠤᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ | ᠨᠠᠮ ᠤᠨ ᠭᠡᠰᠢᠭᠦᠨ ᠺᠠᠳ᠋ᠷ ᠤᠨ ᠠᠵᠢᠯ ᠬᠢᠵᠦ ᠦᠢᠯᠡᠰ ᠪᠣᠰᠬᠠᠬᠤ ᠤᠷᠮ᠎ᠠ ᠵᠣᠷᠢᠭ ᠢ ᠬᠥᠭᠵᠢᠭᠡᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠤᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ | ᠲᠣᠭᠲᠠᠭᠤᠨ ᠢᠶᠠᠷ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠥᠪᠡᠷ ᠤᠨ ᠬᠤᠶᠠᠷ ᠭᠠᠷ ᠢᠶᠠᠷ ᠢᠶᠠᠨ ᠵᠣᠯ ᠵᠢᠷᠭᠠᠯᠲᠤ ᠠᠮᠢᠳᠤᠷᠠᠯ ᠢᠶᠠᠨ | ᠴᠣᠭᠴᠠᠯᠠᠬᠤ ᠶᠢ ᠬᠥᠲᠥᠯᠥᠨ ᠵᠢᠯᠤᠭᠤᠳᠴᠤ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ | ᠪᠠᠶᠢᠴᠠᠭᠠᠬᠤ ᠠᠵᠢᠯ ᠢ ᠴᠢᠨᠠᠭᠰᠢᠳᠠ ᠰᠠᠶᠢᠲᠤᠷ ᠬᠢᠵᠦ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠪᠠᠨ ᠴᠢᠩᠭᠠᠳᠬᠠᠵᠤ᠂ ᠪᠠᠴᠢᠮ ᠪᠠᠶᠢᠳᠠᠯ ᠢ | ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ | ᠲᠢᠩᠬᠢᠮ ᠤᠨ ᠡᠷᠭᠢᠯᠡᠭᠴᠢ ᠼᠠᠢ ᠴᠢ ᠣᠷᠣᠯᠴᠠᠪᠠ᠃ | ᠮᠦ ᠬᠤᠩ᠂ ᠵᠢᠶᠠᠩ ᠰᠢᠨ ᡁᠢ ᠨᠠᠷ ᠣᠷᠣᠯᠴᠠᠪᠠ᠃ | |