ᠯᠢ ᠴᠢᠶᠠᠩ ᠶᠦᠨᠨᠠᠨ ᠤ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ ᠴᠢᠬᠤᠯᠠᠴᠢᠯᠠᠭᠰᠠᠨ ᠨᠢ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠣᠨᠴᠠᠯᠢᠭ ᠢᠶᠠᠨ ᠢᠯᠡᠷᠡᠭᠦᠯᠵᠦ ᠤᠯᠤᠰ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ ᠠᠭᠤᠰᠤᠯᠴᠠᠬᠤ ᠬᠡᠷᠡᠭᠲᠡᠢ
ᠨᠡᠶᠢᠲᠡᠯᠡᠭᠰᠡᠨ ᠴᠠᠭ᠄
2024/3/6
     ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ 5 ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠶᠦᠨᠨᠠᠨ ᠤ ᠲᠥᠯᠥᠭᠡᠯᠡᠭᠴᠢᠳ ᠤᠨ ᠪᠦᠯᠭᠦᠮ ᠳᠤ ᠢᠷᠡᠵᠦ᠂ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃ ᠰᠦ᠋ ᠶᠦᠩ ᠵᠦᠩ᠂ ᠰᠢᠦᠢ ᠠᠨ ᠼᠧ᠂ ᠯᠢ ᠸᠧᠨ ᠬᠤᠢ ᠵᠡᠷᠭᠡ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠯᠢ ᠴᠢᠶᠠᠩ ᠰᠣᠨᠣᠰᠬᠤ ᠶᠢᠨ ᠳᠠᠭᠠᠤ ᠲᠡᠮᠳᠡᠭᠯᠡᠵᠦ᠂ ᠪᠠᠶᠢᠨ ᠳᠠᠭᠢᠨ ᠤᠯᠠᠨ ᠲᠠᠢ ᠰᠠᠨᠠᠯ ᠢᠶᠠᠨ ᠰᠣᠯᠢᠯᠴᠠᠨ ᠶᠠᠷᠢᠯᠴᠠᠵᠤ ᠪᠠᠶᠢᠯ᠎ᠠ᠃     ᠲᠥᠯᠥᠭᠡᠯᠡᠭᠴᠢᠳ ᠤᠨ ᠶᠠᠷᠢᠬᠤ ᠶᠢ ᠰᠣᠨᠣᠰᠤᠭᠰᠠᠨ ᠤ ᠳᠠᠷᠠᠭ᠎ᠠ ᠯᠢ ᠴᠢᠶᠠᠩ᠂ ᠥᠩᠭᠡᠷᠡᠭᠰᠡᠨ ᠨᠢᠭᠡ ᠵᠢᠯ ᠳᠤ᠂ ᠲᠦᠢᠯ ᠤᠨ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ ᠣᠷᠴᠢᠨ ᠪᠣᠯᠣᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠳᠠᠷᠤᠯᠲᠠ ᠶᠢ ᠳᠠᠭᠠᠭᠠᠵᠤ᠂ ᠳᠣᠲᠣᠭᠠᠳᠤ ᠶᠢᠨ ᠬᠦᠴᠢᠷᠳᠡᠯ ᠢ ᠢᠯᠠᠨ ᠳᠠᠪᠠᠵᠤ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠤ᠂ ᠪᠦᠭᠦ ᠵᠢᠯ ᠤᠨ ᠭᠤᠣᠯ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠡᠲᠡᠭᠡᠷ ᠠᠮᠵᠢᠯᠲᠠ ᠨᠢ ᠭᠢᠯᠪᠠᠷ ᠪᠤᠰᠤ ᠪᠠᠷ ᠢᠷᠡᠭᠰᠡᠨ ᠶᠤᠮ᠂ ᠪᠢᠳᠡ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠩ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠵᠤ᠂ ᠢᠮᠠᠭᠲᠠ ᠦᠵᠡᠯ ᠰᠠᠨᠠᠭ᠎ᠠ ᠤᠯᠤᠰ ᠲᠥᠷᠥ ᠦᠶ᠋ᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠮᠡᠬᠡᠶᠢᠯᠡᠨ ᠠᠵᠢᠯᠯᠠᠵᠤ᠂ ᠠᠯᠢᠪᠠ ᠠᠰᠢᠭᠲᠠᠢ ᠠᠵᠠ ᠲᠣᠭᠢᠶᠠᠯ ᠢ ᠠᠮᠵᠢᠵᠤ᠂ ᠠᠯᠢᠪᠠ ᠠᠰᠢᠭᠲᠠᠢ ᠨᠥᠬᠦᠴᠡᠯ ᠢ ᠠᠰᠢᠭᠯᠠᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠡᠢ᠃     ᠯᠢ ᠴᠢᠶᠠᠩ᠂ ᠶᠡᠷᠦᠩᠬᠡᠢ ᠱᠦᠵᠢ ᠰᠢ ᠶᠢᠨ ᠫᠢᠩ ᠶᠦᠨᠨᠠᠨ ᠤ ᠬᠥᠭᠵᠢᠯᠲᠡ ᠳᠤ ᠬᠦᠨᠳᠦ ᠨᠠᠶᠢᠳᠠᠯᠭ᠎ᠠ ᠲᠠᠯᠪᠢᠪᠠ᠃ ᠶᠡᠷᠦᠩᠬᠡᠢ ᠱᠦᠵᠢ ᠰᠢ ᠶᠢᠨ ᠫᠢᠩ ᠤᠨ ᠶᠦᠨᠨᠠᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠦᠭᠦ ᠲᠠᠯ᠎ᠠ ᠶᠢᠨ ᠪᠠᠶᠢᠷᠢᠯᠠᠭᠤᠯᠤᠯᠲᠠ ᠪᠣᠯᠣᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠪᠣᠳᠠᠲᠠᠢ ᠲᠣᠬᠢᠷᠠᠭᠤᠯᠤᠯᠲᠠ ᠶᠣᠰᠣᠭᠠᠷ᠂ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ ᠣᠨᠴᠠᠯᠢᠭ ᠢᠶᠠᠨ ᠢᠯᠡᠷᠡᠭᠦᠯᠵᠦ᠂ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ᠂ ᠤᠯᠤᠰ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢᠨ ᠶᠡᠭᠡ ᠶᠠᠪᠤᠳᠠᠯ ᠢ ᠰᠠᠶᠢᠲᠤᠷ ᠬᠢᠵᠦ᠂ ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠠᠴᠠ ᠡᠭᠦᠰᠴᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠪᠠᠷᠢᠮᠲᠠᠯᠠᠵᠤ᠂ ᠲᠡᠷᠢᠭᠦᠨ ᠤ ᠦᠢᠯᠡᠳᠬᠦ ᠦᠢᠯᠡᠰ᠂ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠪᠠ ᠵᠢᠭᠤᠯᠴᠢᠯᠠᠯ ᠤᠨ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ᠃ ᠭᠠᠳᠠᠭᠠᠳᠤ ᠨᠡᠭᠡᠭᠡᠯᠲᠡ ᠶᠢᠨ ᠰᠠᠨᠠᠭᠠᠴᠢᠯᠠᠭᠠᠲᠤ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠡᠮᠦᠨᠡᠲᠦ ᠠᠽᠢᠶ᠎ᠠ ᠵᠡᠭᠦᠨ ᠡᠮᠦᠨᠡᠲᠦ ᠠᠽᠢᠶ᠎ᠠ ᠳᠤ ᠬᠠᠨᠳᠤᠭᠤᠯᠤᠭᠰᠠᠨ ᠨᠥᠯᠥᠭᠡᠯᠡᠨ ᠳᠠᠶᠢᠴᠢᠯᠠᠬᠤ ᠲᠥᠪ ᠢ ᠲᠦᠷᠭᠡᠳᠬᠡᠨ ᠪᠠᠶᠢᠭᠤᠯᠵᠤ᠂ ᠵᠡᠭᠦᠨ ᠬᠡᠰᠡᠭ ᠤᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠨᠠᠩ ᠶᠡᠭᠡ ᠡᠷᠴᠢᠮ ᠢᠶᠠᠷ ᠵᠣᠯᠭᠠᠭᠤᠯᠵᠤ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠭᠠᠳᠠᠭᠠᠳᠤ ᠨᠡᠭᠡᠭᠡᠯᠲᠡ ᠶᠢᠨ ᠰᠢᠨ᠎ᠡ ᠳᠠᠪᠠᠭᠤᠯᠢᠭ ᠪᠣᠯᠭᠠᠨ ᠨᠠᠩ ᠰᠠᠶᠢᠲᠤᠷ ᠬᠤᠪᠢᠷᠠᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠠᠲᠠᠭᠤ ᠡᠭᠦᠷᠭᠡ ᠶᠢ ᠪᠣᠳᠠᠲᠠᠢ ᠠᠳᠬᠤᠵᠤ᠂ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠭᠰᠠᠨ ᠰᠠᠭᠤᠷᠢᠨ ᠳᠡᠭᠡᠷ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠵᠡᠷᠭᠡ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠵᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠤᠨ ᠠᠮᠤᠷ ᠲᠣᠭᠲᠠᠭᠤᠨ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃   
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ