ᠮᠢᠩᠭᠠᠨ ᠪᠠᠯᠭᠠᠰᠤ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠢ ᠪᠣᠵᠠᠭᠠᠶᠢᠷᠠᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2024/3/7
     ᠣᠶᠢᠷ᠎ᠠ ᠶᠢᠨ ᠵᠢᠯ ᠳᠤ᠂ ᠤᠷᠠᠳ ᠤᠨ ᠡᠮᠦᠨᠡᠲᠦ ᠬᠤᠰᠢᠭᠤᠨ ᠤ ᠮᠢᠩᠭᠠᠨ ᠪᠠᠯᠭᠠᠰᠤ ︽ᠬᠤᠷᠰᠢᠶᠠᠵᠢᠯ + ᠺᠣᠮᠫᠠᠨᠢ + ᠲᠠᠷᠢᠶᠠᠴᠢᠨ ᠡᠷᠦᠬᠡ︾ ᠶᠢᠨ ᠬᠡᠯᠪᠡᠷᠢ ᠪᠠᠷ ᠵᠣᠬᠢᠶᠠᠨ ᠪᠠᠶᠢᠭᠤᠯᠤᠯᠴᠠᠭᠰᠠᠨ᠂ ᠬᠡᠪᠴᠢᠶᠡᠵᠢᠭᠰᠡᠨ᠂ ᠴᠢᠨᠠᠷ ᠰᠠᠶᠢᠲᠠᠢ ᠣᠨᠴᠠᠯᠢᠭᠲᠤ ᠲᠠᠷᠢᠮᠠᠯ ᠢᠶᠠᠷ ᠳᠡᠮᠵᠢᠨ᠂ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠪᠡ᠃     2023 ᠣᠨ ᠳᠤ᠂ ᠲᠤᠰ ᠪᠠᠯᠭᠠᠰᠤ 1700 ᠮᠦ ᠬᠤᠨᠴᠢᠷ ᠤᠨ ᠪᠠᠷᠢᠮᠵᠢᠶᠠᠵᠢᠭᠤᠯᠤᠭᠰᠠᠨ ᠮᠠᠰᠢᠨᠴᠢᠯᠠᠭᠰᠠᠨ ᠲᠠᠷᠢᠮᠠᠯ ᠤᠨ ᠵᠢᠱᠢᠶ᠎ᠡ ᠦᠵᠡᠭᠦᠯᠬᠦ ᠰᠠᠭᠤᠷᠢᠨ ᠢ ᠪᠠᠶᠢᠭᠤᠯᠵᠤ᠂ ᠬᠤᠨᠴᠢᠷ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠤᠨᠴᠢᠷ ᠤᠨ ᠣᠮᠳᠠᠭᠠᠨ ᠢ  ᠡᠳ᠋ᠰᠢᠭᠦᠯᠬᠦ ᠦᠢᠯᠡᠳᠪᠦᠷᠢ ᠪᠣᠯᠣᠨ ᠬᠤᠳᠠᠯᠳᠤᠨ ᠠᠪᠴᠤ ᠬᠠᠳᠠᠭᠠᠯᠠᠬᠤ ᠰᠠᠭᠤᠷᠢᠨ ᠢ ᠪᠠᠶᠢᠭᠤᠯᠵᠤ᠂ ᠵᠢᠯ ᠳᠤ 30000 ᠲᠣᠨ ᠰᠢᠨ᠎ᠡ ᠰᠣᠷᠭᠤᠭ ᠪᠠᠷᠠᠭ᠎ᠠ᠂ 10000 ᠲᠣᠨ ᠬᠠᠭᠤᠷᠠᠢ ᠪᠠᠷᠠᠭ᠎ᠠ ᠶᠢ ᠬᠤᠷᠢᠶᠠᠨ ᠬᠠᠳᠠᠭᠠᠯᠠᠵᠤ  ᠡᠳ᠋ᠰᠢᠯᠡᠬᠦᠯᠦᠨ ᠦᠢᠯᠡᠳᠬᠦᠨ ᠤ ᠦᠷᠳᠡᠭ ᠨᠢ 3.7 ᠳ᠋ᠦᠩᠰᠢᠭᠤᠷ ᠲᠥᠭᠦᠷᠢᠭ ᠲᠤ ᠬᠦᠷᠴᠦ᠂ ᠲᠣᠰᠬᠤᠨ ᠤ ᠬᠠᠮᠲᠤ ᠶᠢᠨ ᠵᠢᠯ  ᠤᠨ ᠣᠷᠣᠯᠭ᠎ᠠ ᠶᠢ 13.5 ᠲᠦᠮᠡᠨ ᠲᠥᠭᠦᠷᠢᠭ ᠨᠡᠮᠡᠭᠳᠡᠬᠦᠯᠪᠡ᠃ ᠡᠬᠦᠨ ᠠᠴᠠ ᠭᠠᠳᠠᠨ᠎ᠠ 1500 ᠮᠦ ᠳᠠᠭᠤᠷᠢᠶᠠᠮᠠᠯ ᠬᠡᠭᠡᠷ᠎ᠡ ᠶᠢᠨ ᠴᠢᠪᠠᠭ᠎ᠠ ᠶᠢᠨ ᠲᠠᠷᠢᠮᠠᠯ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠪᠦᠲᠦᠭᠡᠨ ᠪᠠᠶᠢᠭᠤᠯᠵᠤ᠂ ᠰᠠᠯᠬᠢ ᠬᠠᠯᠬᠠᠯᠠᠬᠤ᠂ ᠬᠤᠷᠳᠤᠨ ᠴᠠᠭᠠᠨ ᠵᠡᠷᠭᠡ ᠬᠢᠲᠠᠳ ᠡᠮ ᠤᠨ ᠮᠠᠲ᠋ᠧᠷᠢᠶᠠᠯ ᠢ 2000 ᠭᠠᠷᠤᠢ ᠮᠦ ᠲᠤᠷᠰᠢᠨ ᠲᠠᠷᠢᠪᠠ᠃ ᠣᠳᠣᠬᠠᠨ ᠳᠤ᠂ ᠪᠥᠬᠦ ᠪᠠᠯᠭᠠᠰᠤᠨ ᠤ ᠬᠢᠲᠠᠳ ᠡᠮ ᠤᠨ ᠮᠠᠲ᠋ᠧᠷᠢᠶᠠᠯ ᠤᠨ ᠳᠠᠷᠢᠬᠤ ᠲᠠᠯᠠᠪᠠᠶ ᠪᠠᠷᠤᠭ 56000 ᠮᠦ ᠪᠠᠶᠢᠵᠤ᠂ ᠳᠠᠷᠢᠬᠤ᠂ ᠡᠳ᠋ᠰᠢᠭᠦᠯᠬᠦ ᠪᠠ ᠪᠣᠷᠣᠯᠠᠭᠤᠯᠬᠤ ᠪᠠᠷ ᠲᠦᠰᠢᠭ ᠪᠣᠯᠭᠠᠭᠰᠠᠨ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠠᠩᠬ᠎ᠠ ᠠᠯᠬᠤᠮ ᠪᠣᠶ  ᠪᠣᠯᠭᠠᠨ᠂ ︽ᠲᠠᠯ᠎ᠠ ᠨᠤᠲᠤᠭ ᠤᠨ ᠡᠮ ᠤᠨ ᠬᠥᠨᠳᠡᠢ︾ ᠪᠠ ᠤᠯᠤᠰ ᠤᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠠᠬᠤᠢ ᠶᠢᠨ ᠬᠦᠴᠦᠷᠬᠡᠭ ᠪᠠᠯᠭᠠᠰᠤ ᠶᠢ ᠪᠦᠲᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠠᠯᠬᠤᠮ ᠠᠯᠬᠤᠮ ᠢᠶᠠᠷ ᠵᠠᠮᠨᠠᠵᠤ ᠪᠠᠶᠢᠨ᠎ᠠ᠃ ᠯᠢᠦ ᠹᠧᠨ ᠽᠢ ᠲᠣᠰᠬᠤᠨ ᠵᠡᠷᠭᠡ 5 ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 20 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠦᠯᠵᠦ᠂  ᠲᠠᠢ ᠯᠢᠶᠠᠩ ᠲᠣᠰᠬᠤᠨ ᠵᠡᠷᠭᠡ 5 ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠶᠢ 10% ᠠᠴᠠ ᠳᠡᠭᠡᠭᠰᠢ ᠳᠤ  ᠬᠦᠷᠭᠡᠬᠦ ᠪᠠᠷ ᠪᠣᠢ᠃     ᠡᠨᠡ ᠵᠢᠯ᠂ ᠮᠢᠩᠭᠠᠨ ᠪᠠᠯᠭᠠᠰᠤ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ᠂ ᠠᠵᠤ ᠠᠬᠤᠢ ᠶᠢᠨ ᠨᠡᠮᠡᠭᠳᠡᠯ ᠤᠨ ᠰᠢᠨ᠎ᠡ ᠬᠥᠳᠡᠯᠭᠡᠬᠦ ᠬᠦᠴᠦᠨ ᠢ ᠪᠣᠶᠢᠵᠢᠭᠤᠯᠬᠤ ᠠᠴᠠ ᠭᠠᠷᠳᠠᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠨᠢᠭᠡ ᠲᠣᠰᠬᠤᠨ ᠨᠢᠭᠡ ᠦᠢᠯᠡᠰ︾  ᠢ  ᠰᠢᠯᠢᠳᠡᠭᠵᠢᠬᠦᠯᠦᠨ᠎ᠡ᠃ ᠤᠯᠤᠰ ᠤᠨ ᠳᠣᠲᠣᠭᠠᠳᠤ ᠶᠢᠨ ᠨᠠᠷᠠᠲᠤ ᠡᠮ ᠤᠨ ᠠᠵᠤ ᠠᠬᠤᠶᠢᠯᠠᠯ ᠢ  ᠣᠷᠣᠭᠤᠯᠣᠨ ᠠᠪᠴᠢᠷᠠᠬᠤ ᠪᠠ ᠲᠣᠰ ᠭᠠᠵᠠᠷ ᠣᠷᠣᠨ ᠤ ᠠᠵᠤ ᠠᠬᠤᠶᠢᠯᠠᠯ᠂ ᠬᠤᠷᠰᠢᠶᠠᠵᠢᠯ  ᠲᠠᠢ ᠭᠦᠨᠵᠡᠭᠡᠢ ᠬᠠᠮᠲᠤᠷᠠᠯᠴᠠᠬᠤ ᠶᠢ ᠢᠳᠡᠪᠬᠢᠲᠡᠢ ᠪᠠᠷ ᠠᠬᠢᠭᠤᠯᠵᠤ᠂ ︽ᠬᠥᠲᠥᠴᠢ ᠠᠵᠤ ᠠᠬᠤᠶᠢᠯᠠᠯ +  ᠬᠤᠷᠰᠢᠶᠠᠵᠢᠯ + ᠲᠠᠷᠢᠶᠠᠴᠢᠨ ᠡᠷᠦᠬᠡ︾ ᠶᠢᠨ ᠠᠰᠢᠭ ᠲᠤᠰᠠ  ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠤᠨ᠂ ᠬᠤᠨᠴᠢᠷ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠪᠣᠵᠠᠭᠠᠶᠢᠷᠠᠭᠤᠯᠵᠣ ᠬᠦᠴᠦᠷᠬᠡᠭᠵᠢᠭᠦᠯᠦᠨ᠎ᠡ᠃ ᠨᠠᠷᠠᠲᠤ ᠲᠥᠷᠥᠯ ᠲᠡᠮᠳᠡᠭᠲᠦ ᠶᠢᠨ ᠲᠠᠰ ᠳᠡᠪᠰᠢᠬᠦ ᠶᠢ ᠰᠠᠶᠢᠲᠤᠷ ᠬᠢᠵᠦ᠂ ᠤᠯᠤᠰ ᠤᠨ ᠳᠣᠲᠣᠭᠠᠳᠤ ᠶᠢᠨ ᠨᠠᠷᠠᠲᠤ ᠠᠵᠤ ᠠᠬᠤᠶᠢᠯᠠᠯ ᠤᠨ ᠪᠣᠷᠤᠯᠠᠭᠤᠯᠭ᠎ᠠ᠂ ᠤᠬᠠᠭᠤᠯᠭ᠎ᠠ ᠶᠢᠨ ᠠᠷᠭ᠎ᠠ ᠵᠠᠮ ᠢ ᠠᠰᠢᠭᠯᠠᠨ᠂ ᠮᠡᠳᠡᠭᠡᠯᠡᠯ ᠤᠬᠠᠭᠤᠯᠭ᠎ᠠ ᠪᠠᠨ ᠴᠢᠩᠭᠠᠳᠬᠠᠵᠤ᠂ ᠬᠤᠨᠴᠢᠷ᠂ ᠳᠣᠯᠣᠨᠤ ᠵᠡᠷᠭᠡ ᠲᠠᠷᠢᠶᠠᠯᠠᠩ ᠤᠨ ᠣᠨᠴᠠ ᠭᠠᠷᠤᠯᠲᠠ ᠶᠢ ᠪᠥᠬᠦ ᠤᠯᠤᠰ ᠲᠤ ᠭᠠᠷᠭᠠᠬᠤ ᠶᠢ ᠠᠬᠢᠭᠤᠯᠤᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ