ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 6 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 6 ᠤ ᠦᠳᠡ ᠶᠢᠨ ᠬᠤᠶᠢᠨ᠎ᠠ ᠪᠦᠭᠦ | ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ | ᠲᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ᠂ ᠣᠷᠴᠢᠨ ᠲᠣᠭᠤᠷᠢᠨ ᠡᠬᠢ | ᠪᠠᠶᠠᠯᠢᠭ ᠤᠨ ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠬᠤᠷᠠᠯ ᠳᠤ ᠤᠷᠤᠯᠴᠠᠵᠤ᠂ ᠰᠠᠨᠠᠯ | ᠰᠠᠨᠠᠭᠤᠯᠭ᠎ᠠ ᠶᠢ ᠨᠢ ᠰᠣᠨᠣᠰᠴᠠᠢ᠃ ᠲᠡᠷᠡ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠯ᠎ᠡ ᠨᠠᠮ ᠪᠦᠯᠦᠭ᠂ ᠡᠯ᠎ᠡ ᠪᠦᠯᠭᠦᠮ᠂ ᠡᠯ᠎ᠡ | ᠦᠨᠳᠦᠰᠦᠲᠡᠨ ᠡᠯ᠎ᠡ ᠡᠲᠡᠭᠡᠳ ᠤᠨ ᠡᠯ᠎ᠡ ᠲᠠᠯ᠎ᠠ ᠶᠢᠨ ᠬᠥᠮᠥᠰ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠠᠴᠠ | ᠳᠤᠷᠠᠳᠤᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ | ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ ᠵᠠᠰᠠᠭ ᠲᠤ | ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | | | | 3 ᠰᠠᠷ᠎ᠠ ᠶᠢᠨ 6 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠲᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ | ᠪᠥᠭᠡᠳ ᠳᠤᠭᠤᠶᠢᠯᠠᠩ ᠬᠠᠮᠲᠤᠷᠠᠭᠰᠠᠨ ᠬᠤᠷᠠᠯ ᠳᠤ ᠤᠷᠤᠯᠴᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠴᠠᠢ᠃ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ᠂ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ | ᠡᠷᠭᠢᠯᠡᠭᠴᠢ ᠼᠠᠢ ᠴᠢ ᠡᠷᠭᠢᠨ ᠦᠵᠡᠬᠦ ᠪᠠ ᠶᠠᠷᠢᠯᠴᠠᠬᠤ ᠳᠤ ᠣᠷᠣᠯᠴᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠩ ᠵᠢᠩ ᠸᠧᠨ ᠰᠡᠭᠦᠳᠡᠷᠯᠡᠪᠡ | | ︽3 · 8︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ ᠰᠢ ᠶᠢᠨ ᠫᠢᠩ | ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠬᠤᠶᠠᠷ ᠬᠤᠷᠠᠯ ᠳᠤ ᠣᠷᠣᠯᠴᠠᠵᠤ ᠪᠠᠶᠢᠭ᠎ᠠ ᠡᠮᠡᠭᠲᠡᠢ ᠲᠥᠯᠥᠭᠡᠯᠡᠭᠴᠢ᠂ ᠡᠮᠡᠭᠲᠡᠢ | ᠭᠡᠰᠢᠭᠦᠨ᠂ ᠡᠮᠡᠭᠲᠡᠢ ᠠᠵᠢᠯᠲᠠᠨ᠂ ᠪᠦᠭᠦ ᠤᠯᠤᠰ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ᠂ ᠰᠢᠶᠠᠩᠭᠠᠩ ᠣᠨᠴᠠᠭᠠᠢ ᠵᠠᠰᠠᠭ | ᠵᠠᠬᠢᠷᠭᠠᠨ ᠤ ᠣᠷᠣᠨ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠪᠣᠯᠣᠨ ᠲᠠᠶᠢᠸᠠᠨ ᠣᠷᠣᠨ ᠤ ᠡᠮᠡᠭᠲᠡᠶᠢᠴᠦᠳ᠂ ᠭᠠᠳᠠᠭᠠᠳᠤ ᠳᠤ ᠪᠠᠶᠢᠭ᠎ᠠ | ᠡᠮᠡᠭᠲᠡᠢ ᠬᠠᠷᠢᠶᠠᠲᠤ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ | ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠡᠷᠭᠢᠨ ᠦᠵᠡᠬᠦ ᠪᠠ ᠶᠠᠷᠢᠯᠴᠠᠬᠤ ᠳᠤ ᠣᠷᠣᠯᠴᠠᠵᠠᠢ᠃ | ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠰᠢᠶᠠ ᠰᠢᠶᠠᠨ ᠫᠧᠩ᠂ ᠲᠢᠶᠠᠨ ᠬᠤᠩ ᠴᠢ᠂ ᠦ᠋ ᠵᠢᠶᠠᠨ ᠫᠢᠩ᠂ ᠵᠣᠣ ᠢᠦᠢ ᠯᠢᠶᠠᠩ᠂ ᠬᠤᠸᠠᠩ | ᠮᠢᠶᠠᠨ ᠰᠥᠩ᠂ ᠬᠤ᠋ ᠰᠥᠩ ᠴᠢᠨ ᠵᠡᠷᠭᠡ 6 ᠭᠡᠰᠢᠭᠦᠨ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ᠂ ᠡᠬᠡ ᠣᠷᠣᠨ ᠤ ᠪᠦᠷᠢᠨ ᠨᠢᠭᠡᠳᠦᠯ ᠢ ᠡᠷᠡᠰ ᠭᠤᠶᠢᠪᠢᠰᠢ ᠦᠭᠡᠢ ᠪᠠᠷ ᠠᠬᠢᠭᠤᠯᠬᠤ᠂ | ᠢᠨᠲ᠋ᠧᠷ ᠰᠦᠯᠵᠢᠶᠡᠨ ᠤ ᠭᠤᠣᠯᠯᠠᠬᠤ ᠮᠡᠷᠭᠡᠵᠢᠯ ᠢᠶᠠᠷ ᠰᠦᠯᠵᠢᠶᠡᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠪᠠ ᠴᠢᠨᠠᠷ ᠰᠠᠶᠢᠲᠠᠢ | ᠬᠥᠭᠵᠢᠯᠲᠡ ᠶᠢ ᠲᠤᠯᠭᠠᠭᠤᠷᠢᠯᠠᠬᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠠᠵᠤ | ᠦᠢᠯᠡᠰᠵᠢᠯᠲᠡ ᠶᠢ ᠠᠬᠢᠭᠤᠯᠬᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ | ᠰᠢᠨ᠎ᠡ ᠪᠣᠬᠢᠷᠳᠤᠯ ᠪᠣᠳᠠᠰ ᠤᠨ ᠵᠠᠰᠠᠯᠲᠠ ᠶᠢ ᠴᠢᠩᠭᠠᠳᠬᠠᠬᠤ ᠵᠡᠷᠭᠡ ᠶᠢᠨ ᠲᠣᠭᠤᠷᠢᠨ ᠳᠤ ᠦᠭᠡ ᠬᠡᠯᠡᠪᠡ᠃ | ᠰᠢ ᠶᠢᠨ ᠫᠢᠩ ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠣᠯᠠᠨ ᠲᠠᠢ ᠬᠠᠮᠲᠤ | ᠶᠠᠷᠢᠯᠴᠠᠨ ᠰᠣᠯᠢᠯᠴᠠᠵᠤ᠂ ᠰᠠᠨᠠᠯ ᠰᠠᠨᠠᠭᠤᠯᠭ᠎ᠠ ᠶᠢ ᠰᠣᠨᠣᠰᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃ ᠲᠡᠷᠡ ᠨᠠᠮ ᠤᠨ ᠲᠥᠪ ᠬᠤᠷᠢᠶ᠎ᠠ ᠶᠢᠨ | ᠡᠮᠦᠨ᠎ᠡ ᠠᠴᠠ ᠠᠳᠡ ᠰᠠᠭᠤᠵᠤ ᠪᠠᠶᠢᠭ᠎ᠠ ᠭᠡᠰᠢᠭᠦᠳ ᠪᠣᠯᠣᠨ ᠥᠷᠭᠡᠨ ᠤᠯᠠᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠪᠦᠷᠢᠯᠳᠦᠭᠦᠨ ᠪᠣᠯᠣᠨ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠬᠥᠮᠥᠰ ᠲᠤ᠂ ᠥᠷᠭᠡᠨ ᠤᠯᠠᠨ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ ᠭᠡᠵᠦ ᠢᠯᠡᠳᠬᠡᠪᠡ᠃ | ᠰᠢ ᠶᠢᠨ ᠫᠢᠩ᠂ 2023 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠪᠣᠯᠣᠨ᠎ᠠ᠃ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ | ᠪᠠᠷᠢᠮᠲᠠᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠲᠤ ᠰᠢᠯᠵᠢᠭᠦ ᠶᠢ ᠡᠷᠡᠰ | ᠰᠢᠭᠤᠷᠬᠠᠢ ᠬᠡᠷᠡᠭᠵᠢᠭᠦᠯᠵᠦ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢ ᠪᠦᠭᠦ ᠬᠦᠴᠦ ᠪᠠᠷ ᠢᠶᠠᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠲᠡᠭᠦᠰ | ᠠᠮᠵᠢᠯᠲᠠ ᠲᠠᠢ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠯᠠᠪᠳᠠᠭᠤᠨ ᠪᠠᠲᠤᠲᠠᠢ | ᠠᠯᠬᠤᠮ ᠢ ᠠᠯᠬᠤᠪᠠ᠃ ᠠᠮᠵᠢᠯᠲᠠ ᠪᠦᠲᠦᠮᠵᠢ ᠶᠢ ᠭᠢᠯᠪᠠᠷᠬᠠᠨ ᠢᠶᠠᠷ ᠣᠯᠣᠭᠰᠠᠨ ᠪᠢᠰᠢ᠂ ᠡᠨᠡ ᠪᠣᠯ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠤ ᠪᠦᠯᠬᠦᠮᠳᠡᠨ ᠨᠢᠭᠡᠳᠴᠦ᠂ ᠨᠤᠭᠤᠷᠠᠰᠢ ᠦᠭᠡᠢ ᠲᠡᠮᠡᠴᠡᠭᠰᠡᠨ ᠤ ᠦᠷ᠎ᠡ ᠳ᠋ᠦᠩ ᠮᠥᠨ᠂ ᠪᠠᠰᠠ ᠴᠤ ᠥᠷᠭᠡᠨ ᠤᠯᠠᠨ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠦᠴᠦ ᠭᠦᠳᠡᠯᠮᠦᠷᠢ ᠪᠠ ᠤᠶᠤᠨ ᠤᠬᠠᠭᠠᠨ ᠢ ᠰᠢᠩᠭᠡᠭᠡᠵᠦ ᠪᠠᠶᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠥᠩᠭᠡᠷᠡᠭᠰᠡᠨ ᠨᠢᠭᠡ ᠵᠢᠯ ᠳᠤ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ︽ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ | ᠱᠤᠭᠤᠵᠤ ᠰᠠᠭᠤᠷᠢ ᠪᠠᠨ ᠪᠠᠲᠤᠳᠬᠠᠵᠤ᠂ ᠰᠢᠨ᠎ᠡ ᠠᠶᠠᠨ ᠳᠤ ᠪᠦᠯᠬᠦᠮᠳᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠬᠥᠮᠦᠵᠢᠯ ᠢ ᠭᠦᠨᠵᠡᠭᠡᠢ | ᠥᠷᠨᠢᠭᠦᠯᠵᠦ᠂ ᠤᠯᠤᠰ ᠲᠦᠷᠦ ᠶᠢᠨ ᠵᠥᠪᠯᠡᠯᠭᠡ ᠬᠢᠬᠦ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠶᠢ ᠯᠠᠪᠳᠠᠭᠤᠨ | ᠪᠠᠲᠤᠲᠠᠢ ᠠᠬᠢᠭᠤᠯᠵᠤ᠂ ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠤ | ᠦᠷᠭᠦᠯᠵᠢᠯᠡᠨ ᠣᠷᠣᠯᠴᠠᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠵᠤ ᠠᠬᠤᠢ ᠰᠣᠶᠣᠯ ᠤᠨ ᠰᠣᠯᠢᠯᠴᠠᠭ᠎ᠠ ᠶᠢ ᠢᠳᠡᠪᠬᠢᠲᠡᠢ ᠠᠬᠢᠭᠤᠯᠪᠠ᠃ | | ᠥᠷᠭᠡᠨ ᠤᠯᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ ᠤᠨ ᠬᠥᠮᠥᠰ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠳᠤ ᠣᠷᠤᠯᠴᠠᠬᠤ ᠶᠢ ᠢᠳᠡᠪᠬᠢᠲᠡᠢ ᠲᠡᠮᠵᠢᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠳᠤ ᠬᠦᠴᠦᠯᠡᠨ ᠣᠷᠣᠯᠴᠠᠪᠠ᠃ ᠥᠷᠭᠡᠨ ᠤᠯᠠᠨ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠬᠢᠨ ᠲᠤᠰᠬᠠᠢ ᠮᠡᠷᠭᠡᠵᠢᠯ ᠤᠨ | ᠳᠠᠪᠠᠭᠤᠯᠢᠭ ᠢᠶᠠᠨ ᠪᠠᠳᠠᠷᠠᠭᠤᠯᠵᠤ᠂ ᠬᠥᠭᠵᠢᠯᠲᠡ ᠶᠢᠨ ᠠᠷᠭ᠎ᠠ ᠭᠡᠯᠪᠡᠷᠢ ᠶᠢ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠳᠤᠮᠳᠠ ᠢᠳᠡᠪᠬᠢᠲᠡᠢ ᠦᠢᠯᠡᠳᠦᠯ | ᠦᠵᠡᠭᠦᠯᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠲᠠᠶᠢᠸᠠᠨ ᠤ ᠠᠵᠢᠯ ᠤᠨ ᠶᠡᠭᠡ ᠲᠠᠯ᠎ᠠ ᠳᠤ ᠴᠢᠨᠠᠭᠰᠢᠳᠠ ᠪᠠᠶᠢᠷᠢ ᠲᠣᠭᠲᠠᠭᠠᠯᠲᠠ ᠪᠠᠨ | ᠣᠨᠣᠪᠴᠢᠲᠠᠢ ᠣᠯᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ | ᠂ ᠠᠷᠠᠯ ᠤᠨ ᠳᠣᠲᠣᠷ᠎ᠠ ᠭᠠᠳᠠᠨᠠᠬᠢ ᠪᠦᠯᠬᠦᠮᠳᠡᠵᠦ ᠪᠤᠯᠬᠤ ᠤᠯᠤᠰ ᠢᠶᠠᠨ ᠬᠠᠶᠢᠷᠠᠯᠠᠬᠤ ᠬᠦᠴᠦᠨ ᠪᠦᠭᠦᠨ ᠲᠠᠢ ᠨᠡᠩ ᠰᠠᠶᠢᠲᠤᠷ ᠪᠦᠯᠬᠦᠮᠳᠡᠵᠦ᠂ ︽ | ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠵᠦ ᠨᠢᠭᠡᠳᠦᠯ ᠢ ᠠᠬᠢᠭᠤᠯᠬᠤ ᠬᠦᠴᠦᠨ ᠢ ᠲᠠᠰᠤᠷᠠᠯᠳᠠ ᠦᠭᠡᠢ ᠪᠤᠵᠠᠭᠠᠶᠢᠷᠠᠭᠤᠯᠵᠤ᠂ ᠡᠬᠡ ᠤᠯᠤᠰ ᠢᠶᠠᠨ | ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ ᠬᠠᠮᠲᠤ ᠪᠠᠷ ᠠᠬᠢᠭᠤᠯᠬᠤ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ᠂ ᠬᠥᠳᠡᠭᠡ ᠠᠵᠤ ᠠᠬᠤᠢ᠂ ᠰᠣᠶᠣᠯ ᠢᠷᠭᠡᠨᠰᠢᠯ᠂ ᠵᠠᠯᠠᠭᠤᠴᠤᠳ ᠤᠨ ᠬᠥᠭᠵᠢᠯᠲᠡ ᠵᠡᠷᠭᠡ ᠬᠦᠷᠢᠶᠡᠨ ᠳᠠᠬᠢ ᠰᠣᠯᠢᠯᠴᠠᠭ᠎ᠠ | ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠡᠯ᠎ᠡ ᠬᠦᠷᠢᠶᠡᠨ ᠤ ᠠᠭᠤᠰᠤᠯᠴᠠᠨ ᠬᠥᠭᠵᠢᠬᠦ ᠶᠢ | ᠭᠦᠨᠵᠡᠭᠡᠶᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ ᠤᠨ ᠭᠡᠰᠢᠭᠦᠳ ᠪᠣᠯᠣᠨ ᠥᠷᠭᠡᠨ ᠤᠯᠠᠨ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠠᠵᠢᠯᠲᠠᠳ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠢᠲᠡᠭᠡᠯ ᠵᠣᠷᠢᠭ ᠢᠶᠠᠨ ᠴᠢᠨᠠᠭᠰᠢᠳᠠ | ᠴᠢᠩᠭᠠᠳᠬᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠨᠳᠦ ᠡᠭᠦᠷᠭᠡ ᠶᠢ ᠡᠭᠦᠷᠭᠡᠯᠡᠵᠦ᠂ ᠰᠠᠭᠤᠷᠢ ᠰᠤᠳᠤᠯᠭᠠᠨ ᠪᠣᠯᠣᠨ | ᠬᠡᠷᠡᠭᠯᠡᠭᠡᠨ ᠤ ᠰᠠᠭᠤᠷᠢ ᠰᠤᠳᠤᠯᠭᠠᠨ ᠢ ᠴᠢᠩᠭᠠᠳᠬᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠰᠢᠨ᠎ᠡ ᠬᠥᠳᠡᠯᠭᠡᠬᠦ ᠴᠢᠳᠠᠪᠤᠷᠢ ᠶᠢ ᠪᠤᠶᠢᠵᠢᠭᠤᠯᠬᠤ ᠬᠡᠷᠡᠭᠲᠡᠢ᠃ | ᠪᠣᠳᠠᠲᠠᠢ ᠶᠢ ᠡᠷᠬᠢᠮᠯᠡᠨ ᠰᠠᠨᠠᠯ ᠰᠠᠨᠠᠭᠤᠯᠭ᠎ᠠ ᠳᠤᠷᠠᠳᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠣᠨ | ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠬᠦᠴᠦᠨ ᠨᠡᠮᠡᠷᠢᠯᠡᠵᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠶᠢᠨ ᠰᠢᠰᠲ᠋ᠧᠮ ᠪᠣᠯᠣᠨ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠡᠯ᠎ᠡ ᠲᠦᠷᠦᠯ ᠤᠨ | ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠣᠯᠣᠨ ᠲᠠᠯᠳᠠ ᠬᠦᠴᠦᠨ ᠢ ᠤᠯᠠᠮ ᠴᠢᠨᠠᠭᠰᠢᠳᠠ ᠬᠥᠭᠵᠢᠭᠡᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠥᠷᠭᠡᠨ ᠤᠯᠠᠨ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠴᠢᠩᠭᠠᠳᠬᠠᠬᠤ᠂ ᠴᠢᠨᠠᠷ ᠰᠠᠶᠢᠲᠠᠢ ᠬᠥᠭᠵᠢᠯᠲᠡ ᠶᠢ ᠥᠨᠳᠥᠷ ᠲᠦᠪᠰᠢᠨ ᠢᠶᠠᠷ ᠬᠠᠮᠠᠭᠠᠯᠠᠵᠤ ᠲᠤᠯᠭᠠᠭᠤᠷᠢᠯᠠᠬᠤ ᠲᠠᠯ᠎ᠠ ᠪᠠᠷ ᠰᠢᠨ᠎ᠡ | ᠬᠤᠪᠢ ᠨᠡᠮᠡᠷᠢ ᠦᠵᠡᠭᠦᠯᠭᠦ ᠬᠡᠷᠡᠭᠲᠡᠢ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠬᠤᠷᠢᠭ᠎ᠠ ᠱᠤᠭᠤᠮ ᠢ | ᠪᠠᠲᠤ ᠰᠠᠬᠢᠵᠤ᠂ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠴᠢᠨᠠᠷ ᠰᠠᠶᠢᠲᠠᠢ | ᠬᠥᠭᠵᠢᠯᠲᠡ ᠶᠢᠨ ᠠᠮᠢ ᠠᠬᠤᠢ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠨᠠᠷᠢᠯᠢᠭ ᠣᠨᠣᠪᠴᠢᠲᠠᠢ ᠪᠠᠷ ᠪᠣᠬᠢᠷᠳᠤᠯ ᠢ ᠵᠠᠰᠠᠬᠤ᠂ ᠰᠢᠨᠵᠢᠯᠡᠬᠦ | ᠤᠬᠠᠭᠠᠨᠴᠢ ᠪᠠᠷ ᠪᠣᠬᠢᠷᠳᠤᠯ ᠢ ᠵᠠᠰᠠᠬᠤ᠂ ᠬᠠᠤᠯᠢ ᠶᠣᠰᠣᠭᠠᠷ ᠪᠣᠬᠢᠷᠳᠤᠯ ᠢ ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠶ ᠨᠠᠶᠢᠳᠠᠪᠤᠷᠢᠵᠢᠭᠤᠯᠵᠤ᠂ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠳᠤᠯ ᠦᠭᠡᠢ ᠪᠠᠶᠢᠬᠤ᠂ ᠳᠣᠣᠷ᠎ᠠ ᠨᠡᠭᠦᠷᠡᠰᠦᠲᠥ᠋ᠷᠥᠭᠴᠢᠲᠦ ᠪᠠᠶᠢᠬᠤ ᠶᠢ ᠠᠬᠢᠭᠤᠯᠵᠤ᠂ ᠡᠬᠢ | ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠡᠷᠭᠢᠯᠳᠦᠭᠦᠯᠦᠨ ᠠᠰᠢᠭᠯᠠᠬᠤ ᠶᠢ ᠴᠢᠩᠭᠠᠳᠬᠠᠵᠤ᠂ ᠠᠮᠢ ᠠᠬᠤᠢ ᠶᠢᠨ ᠦᠢᠯᠡᠳᠬᠦᠨ ᠤ ᠥᠷᠲᠡᠭ ᠢ | ᠪᠣᠳᠠᠲᠠᠢ ᠪᠤᠯᠭᠠᠬᠤ ᠠᠷᠭ᠎ᠠ ᠵᠠᠮ ᠢ ᠥᠷᠭᠡᠳᠬᠡᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ | ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠰᠢᠨ᠎ᠡ | ᠬᠥᠳᠡᠯᠭᠡᠬᠦ ᠴᠢᠳᠠᠪᠤᠷᠢ ᠨᠡᠮᠡᠷᠢᠯᠡᠵᠦ᠂ ᠰᠢᠨ᠎ᠡ ᠳᠠᠪᠠᠭᠤᠯᠢᠭ ᠢ ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠨᠡ ᠵᠢᠯ ᠪᠣᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠃ ᠠᠷᠠᠳ ᠤᠨ | ᠤᠯᠤᠰ ᠲᠦᠷᠦ ᠶᠢᠨ ᠵᠥᠪᠯᠡᠯᠭᠡᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠵᠡᠯ | ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠪᠠᠨ ᠴᠢᠩᠭᠠᠳᠬᠠᠨ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠳᠦᠷᠢᠮ ᠤᠨ ᠪᠠᠶᠢᠭᠤᠯᠤᠯᠲᠠ ᠪᠠᠨ | ᠴᠢᠩᠭᠠᠳᠬᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤᠰ ᠪᠡᠶ᠎ᠡ ᠶᠢᠨ ᠬᠡᠪ ᠴᠢᠨᠠᠷ | ᠪᠠ ᠲᠤᠰᠢᠶᠠᠯ ᠬᠠᠷᠢᠭᠤᠴᠠᠯᠭ᠎ᠠ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ | ᠪᠠ ᠤᠯᠠᠨ ᠨᠠᠮ ᠤᠨ ᠬᠠᠮᠲᠤᠷᠠᠨ ᠠᠵᠢᠯᠯᠠᠬᠤ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠱᠢ ᠲᠠᠢ ᠹᠧᠩ᠂ ᠵᠧᠩ ᠵᠢᠶᠠᠨ ᠪᠠᠩ᠂ ᠬᠤ᠋ ᠴᠦᠨ ᠬᠤᠸᠠ᠂ ᠸᠠᠩ ᠳ᠋ᠦᠩ ᠹᠧᠩ᠂ ᠾᠧ ᠪᠦᠦ ᠰᠢᠶᠠᠩ ᠨᠠᠷ ᠳᠤᠭᠤᠶᠢᠯᠠᠩ ᠬᠠᠮᠲᠤᠷᠠᠭᠰᠠᠨ | ᠬᠤᠷᠠᠯ ᠳᠤ ᠣᠷᠣᠯᠴᠠᠪᠠ᠃ | |