ᠤᠷᠠᠳ ᠤᠨ ᠡᠮᠦᠨᠡᠲᠦ ᠬᠤᠰᠢᠭᠤ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠮᠠᠯᠲᠠᠬᠤ ᠶᠢ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/7
    ᠣᠶᠢᠷ᠎ᠠ ᠶᠢᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠤᠷᠠᠳ ᠤᠨ ᠡᠮᠦᠨᠡᠲᠦ ᠬᠤᠰᠢᠭᠤᠨ ᠤ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠵᠠᠰᠠᠬᠤ ᠠᠵᠢᠯ ᠤᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠪᠠ᠃

微信图片_20240307153720.jpg

  ᠸᠠᠩ ᠵᠢᠶᠦ᠋ᠨ ᠵᠢᠶᠧ  ᠠᠴᠠ᠂ 2024 ᠣᠨ ᠪᠣᠯ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠮᠠᠯᠲᠠᠭᠰᠠᠨ ᠣᠷᠣᠨ ᠢ ᠵᠠᠰᠠᠬᠤ ᠵᠠᠩᠭᠢᠯᠠᠭ᠎ᠠ ᠶᠢᠨ ᠨᠢᠭᠡ

ᠵᠢᠯ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂

ᠨᠠᠩ ᠰᠠᠶᠢᠨ ᠠᠷᠭ᠎ᠠ ᠬᠡᠮᠵᠢᠶ᠎ᠡ ᠪᠠᠷ ᠭᠠᠵᠠᠷ ᠳᠤᠤᠷᠠᠬᠢ ᠤᠰᠤ ᠶᠢ ᠨᠡᠭᠡᠭᠡᠨ ᠮᠠᠯᠲᠠᠬᠤ ᠬᠡᠮᠵᠢᠶ᠎ᠡ ᠶᠢ ᠦᠷᠭᠦᠯᠵᠢᠯᠡᠨ ᠪᠠᠭᠠᠰᠬᠠᠬᠤ ᠬᠡᠷᠡᠭᠲᠡᠶ ︔ ᠬᠡᠲᠦᠷᠡᠲᠡᠯ᠎ᠡ

ᠮᠠᠯᠲᠠᠭᠰᠠᠨ ᠣᠷᠣᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠤᠶᠤᠨᠴᠢᠯᠠᠭᠰᠠᠨ ᠣᠰᠣ ᠴᠠᠬᠢᠯᠭᠠᠨ ᠤ ᠬᠤᠣᠰ ᠡᠵᠡᠮᠰᠢᠯ ᠤᠨ

ᠲᠥᠬᠦᠭᠡᠷᠦᠮᠵᠢ ᠶᠢᠨ ᠬᠡᠪ ᠤᠨ ᠠᠵᠢᠯᠯᠠᠭᠠᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤ ᠶᠢ

ᠬᠡᠮᠵᠢᠶᠡᠯᠡᠬᠦ ᠬᠠᠮᠢᠶᠠᠷᠤᠯᠲᠠ ᠶᠢ ᠪᠦᠬᠦ ᠲᠠᠯ᠎ᠠ ᠪᠠᠷ ᠶᠠᠪᠤᠭᠤᠯᠬᠤ ᠬᠡᠷᠡᠭᠲᠡᠢ︔ ᠬᠡᠲᠦᠷᠡᠲᠡᠯ᠎ᠡ ᠮᠠᠯᠲᠠᠭᠰᠠᠨ ᠣᠷᠣᠨ ᠤ ᠲᠠᠷᠢᠶᠠᠨ ᠭᠠᠵᠠᠷ ᠢ ᠬᠠᠭᠤᠷᠠᠶ ᠪᠠᠷ

ᠲᠠᠷᠢᠵᠤ ᠪᠣᠷᠣᠭᠠᠨ ᠢᠶᠠᠷ ᠤᠰᠤᠯᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠤᠰᠤᠨ ᠤ ᠬᠡᠮᠵᠢᠶ᠎ᠡ ᠶᠢ ᠬᠢᠵᠠᠭᠠᠷᠯᠠᠨ ᠬᠤᠪᠢᠶᠠᠷᠢᠯᠠᠵᠤ᠂ ᠮᠠᠯᠴᠢᠨ

ᠲᠠᠷᠢᠶᠠᠴᠢᠳ ᠢ ᠬᠥᠲᠥᠯᠥᠨ ᠵᠢᠯᠣᠭᠤᠳᠴᠤ ᠬᠤᠯᠢᠮᠠᠭ ᠠᠮᠤ ᠵᠡᠷᠭᠡ ᠭᠠᠩ ᠳᠤ ᠲᠡᠰᠪᠦᠷᠢᠲᠡᠶ ᠲᠠᠷᠢᠮᠠᠯ ᠳᠠᠷᠢᠭᠤᠯᠵᠤ᠂ ᠮᠦ ᠪᠦᠷᠢ ᠶᠢᠨ ᠤᠰᠤᠨ ᠤ ᠳᠤᠮᠳᠠᠴᠢ

ᠬᠡᠮᠵᠢᠶ᠎ᠡ ᠶᠢ ᠦᠨᠡᠨ ᠬᠦ ᠪᠠᠭᠤᠷᠠᠭᠤᠯᠬᠤ ᠶᠢᠨ ᠬᠠᠮᠲᠤ ᠭᠠᠵᠠᠷ ᠰᠢᠷᠣᠶ ᠶᠢᠨ ᠡᠷᠭᠢᠯᠲᠡ ᠶᠢᠨ ᠠᠵᠢᠯ ᠢ ᠥᠷᠨᠢᠭᠦᠯᠵᠦ᠂ ᠠᠵᠤ ᠠᠬᠤᠶᠢᠯᠠᠯ ᠢ ᠲᠠᠳᠠᠨ

ᠣᠷᠣᠭᠤᠯᠵᠤ ᠬᠡᠪᠴᠢᠶᠡᠵᠢᠭᠰᠡᠨ ᠡᠵᠡᠩᠨᠡᠯᠲᠡ ᠬᠢᠯᠭᠡᠬᠦ ᠬᠡᠷᠡᠭᠲᠡᠶ︔ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ

ᠬᠡᠲᠦᠷᠡᠲᠡᠯ᠎ᠡ ᠮᠠᠯᠲᠠᠭᠰᠠᠨ ᠣᠷᠣᠨ ᠢ ᠵᠠᠰᠠᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠣᠨᠴᠠᠭᠠᠶᠢᠯᠠᠨ ᠬᠤᠰᠢᠭᠤ᠂ ᠰᠤᠮᠤ

ᠪᠠᠯᠭᠠᠰᠤ᠂ ᠭᠠᠴᠠᠭ᠎ᠠ ᠲᠣᠰᠬᠤᠨ᠂ ᠳᠤᠭᠤᠶᠢᠯᠠᠩ ︵ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠭᠴᠢ︶ ᠳᠥᠷᠪᠡᠨ ᠱᠠᠲᠤᠨ ᠤ ᠬᠠᠮᠢᠶᠠᠷᠤᠯᠲᠠ ᠶᠢᠨ

ᠡᠭᠦᠷᠭᠡ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠲᠤᠤᠷᠴᠢᠯᠠᠭᠰᠠᠨ

ᠬᠠᠮᠢᠶᠠᠷᠤᠯᠲᠠ ᠶᠢ  ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ