ᠣᠷᠠᠳ ᠤᠨ ᠡᠮᠦᠨᠡᠲᠦ ᠬᠤᠰᠢᠭᠤ ︽ᠭᠤᠷᠪᠠᠨ ᠣᠷᠣᠨ︾ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠰᠣᠩᠭᠤᠨ ᠲᠣᠮᠢᠯᠠᠬᠤ ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/3/7
    ᠣᠶᠢᠷ᠎ᠠ ᠶᠢᠨ ᠡᠳᠦᠷ ᠲᠤ᠂ ᠤᠷᠠᠳ ᠤᠨ ᠡᠮᠦᠨᠡᠲᠦ ᠬᠤᠰᠢᠭᠤ ᠪᠥᠬᠦ ᠬᠤᠰᠢᠭᠤᠨ ᠤ ᠲᠤᠯᠭᠠᠭᠤᠷᠢ ᠠᠵᠤ ᠦᠢᠯᠡᠰ ᠪᠠ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠳᠡᠯᠭᠡᠷᠡᠭᠦᠯᠬᠦ᠂ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠵᠡᠷᠭᠡ ᠠᠵᠢᠯ ᠢᠶᠠᠷ ᠦᠨᠳᠦᠰᠦᠯᠡᠯ ᠪᠣᠯᠭᠠᠬᠤ ᠶᠢ ᠳᠣᠪᠤᠶᠢᠯᠭᠠᠵᠤ᠂ 2024 ᠣᠨ ᠤ ︽ᠭᠤᠷᠪᠠᠨ ᠣᠷᠣᠨ︾ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠪᠠ ᠪᠣᠯᠪᠠᠰᠤᠷᠠᠯ ᠬᠦᠷᠲᠡᠭᠰᠡᠳ ᠢ ᠰᠣᠩᠭᠤᠨ ᠲᠣᠮᠢᠯᠠᠬᠤ ᠠᠵᠢᠯ ᠥᠷᠨᠢᠭᠦᠯᠪᠡ᠃    ᠡᠨᠡ ᠵᠢᠯ᠂  ᠲᠣᠰ ᠬᠤᠰᠢᠭᠤ ︽ᠬᠠᠮᠲᠤᠪᠠᠷ ᠠᠰᠢᠭ ᠬᠦᠷᠲᠡᠬᠦ ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ︾ ᠵᠢᠮ᠎ᠡ ᠶᠣᠰᠣ ᠶᠢ ᠵᠢᠷᠤᠮᠯᠠᠨ᠂ ᠡᠯ᠎ᠡ ᠠᠵᠤ ᠠᠬᠤᠶᠢᠯᠠᠯ᠂ ᠬᠤᠷᠰᠢᠶ᠎ᠠ ᠵᠡᠷᠭᠡ ᠭᠤᠤᠯ ᠴᠣᠭᠴᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠪᠠ ᠲᠣᠮᠢᠯᠠᠭᠰᠠᠨ ᠨᠢᠭᠡᠴᠡ ᠶᠢᠨ ᠦᠷ᠎ᠡ ᠪᠦᠲᠦᠭᠡᠯ᠂ ᠲᠥᠷᠥᠯ ᠵᠦᠢᠯ᠂ ᠴᠢᠳᠠᠪᠤᠷᠢᠲᠠᠨ ᠵᠡᠷᠭᠡ ᠡᠬᠢ ᠪᠠᠶᠠᠯᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ 7 ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠢ ᠰᠣᠩᠭᠤᠨ ᠲᠣᠮᠢᠯᠠᠵᠤ᠂ ᠴᠢᠳᠠᠪᠤᠷᠢᠲᠠᠨ ᠢ ᠰᠣᠩᠭᠤᠨ ᠲᠣᠮᠢᠯᠠᠬᠤ ᠪᠠ ᠪᠣᠯᠪᠠᠰᠤᠷᠠᠭᠤᠯᠬᠤ ᠪᠠᠷ ᠳᠠᠮᠵᠢᠭᠤᠯᠤᠨ᠂ ᠳᠠᠪᠠᠭᠤᠯᠢᠭ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠪᠠ ᠴᠢᠳᠠᠪᠤᠷᠢᠲᠠᠨ ᠤ ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠬᠡᠯᠬᠢᠶ᠎ᠡ ᠳᠠᠰᠢ ᠲᠥᠪᠯᠡᠷᠡᠬᠦ ᠶᠢ ᠠᠬᠢᠭᠤᠯᠵᠤ᠂ ᠵᠢᠱᠢᠶ᠎ᠡ ᠦᠵᠡᠭᠦᠯᠬᠦ ᠬᠥᠳᠡᠯᠭᠡᠭᠴᠢ ᠬᠦᠴᠦᠨ ᠢᠶᠠᠷ ᠴᠢᠩᠭ᠎ᠠ ᠠᠵᠤ ᠠᠬᠤᠶᠢᠯᠠᠯ᠂ ᠬᠤᠷᠰᠢᠶ᠎ᠠ ᠳᠤ ᠴᠤᠭᠯᠠᠷᠠᠭᠤᠯᠤᠨ᠂ ᠪᠥᠬᠦ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃  ᠡᠭᠦᠨ ᠠᠴᠠ ᠭᠠᠳᠠᠨ᠎ᠠ᠂ ᠪᠥᠬᠦ ᠬᠤᠰᠢᠭᠤᠨ ᠤ 2023 ᠣᠨ ᠤ ᠠᠵᠢᠯ ᠨᠢ ᠲᠣᠪᠤᠶᠢᠮ᠎ᠠ᠂ ᠢᠯᠡᠷᠡᠯ ᠰᠢᠯᠢᠳᠡᠭ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠪᠠ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠳᠣᠲᠣᠷ᠎ᠠ ᠠᠴᠠ 6 ᠬᠥᠮᠦᠨ ᠢ ᠰᠣᠩᠭᠤᠨ ᠭᠠᠷᠭᠠᠵᠤ᠂ ᠥᠪᠡᠷᠲᠡᠭᠡᠨ ᠵᠠᠰᠠᠬᠤ ᠣᠷᠣᠨ ᠵᠢᠴᠢ ᠬᠥᠭᠵᠢᠭᠰᠡᠨ ᠭᠠᠵᠠᠷ ᠣᠷᠣᠨ ᠤ ᠬᠤᠯᠪᠣᠭᠳᠠᠯ ᠪᠥᠬᠦᠶ ᠨᠢᠭᠡᠴᠡ ᠶᠢᠨ ᠪᠣᠯᠪᠠᠰᠤᠷᠠᠯ ᠳᠤ ᠣᠷᠣᠯᠴᠠᠭᠤᠯᠵᠤ᠂ ᠲᠣᠰ ᠭᠠᠵᠠᠷ ᠣᠷᠣᠨ ᠤ ᠴᠢᠳᠠᠪᠤᠷᠢᠲᠠᠨ ᠢ ᠬᠥᠮᠦᠵᠢᠭᠦᠯᠬᠦ ᠪᠠ ᠳᠡᠭᠡᠭᠰᠢᠯᠡᠭᠦᠯᠬᠦ ᠶᠢ ᠠᠬᠢᠭᠤᠯᠪᠠ᠃   ᠲᠠᠷᠠᠭᠠᠴᠢ ᠶᠢᠨ ᠠᠯᠬᠤᠮ ᠳᠤ᠂ ᠲᠣᠰ ᠬᠤᠰᠢᠭᠤ ᠴᠢᠳᠠᠪᠤᠷᠢᠲᠠᠨ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠣᠷᠣᠭᠤᠯᠵᠤ ᠠᠪᠴᠢᠷᠠᠨ ᠬᠡᠷᠡᠭᠯᠡᠬᠦ︾ ᠵᠠᠩᠭᠢᠯᠠᠭ᠎ᠠ ᠶᠢᠨ ᠴᠡᠭ ᠢ ᠠᠳᠬᠤᠨ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠷ ᠴᠢᠳᠠᠪᠤᠷᠢᠲᠠᠨ ᠤ ᠠᠵᠢᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠬᠦᠯᠬᠦ ᠶᠢ ᠪᠡᠶᠡᠯᠡᠭᠦᠯᠦᠨ᠎ᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ