ᠤᠯᠠᠭᠠᠨᠰᠤᠬᠠᠢ ᠶᠢᠨ ᠬᠠᠨᠳᠠᠭᠠᠶ ᠣᠷᠣᠭᠤᠯᠤᠨ ᠠᠪᠴᠢᠷᠠᠬᠤ ᠪᠠ ᠬᠥᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠲᠥᠷᠥᠯ  ᠵᠦᠢᠯ ᠡᠬᠢᠯᠡᠪᠡ
ᠨᠡᠶᠢᠲᠡᠯᠡᠭᠰᠡᠨ ᠴᠠᠭ᠄
2024/3/8
     3 ᠰᠠᠷ᠎ᠠ ᠶᠢᠨ 3 ᠤ ᠡᠳᠦᠷ ᠪᠣᠯ ᠠᠷᠪᠠᠨ ᠨᠢᠭᠡᠳᠡᠬᠢ ︽ᠳᠡᠯᠡᠬᠡᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠳᠦᠷ︾ ᠮᠦᠨ᠂  ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠤᠷᠠᠳ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ᠪᠠᠶᠠᠨᠨᠠᠭᠤᠷ ᠬᠤᠲᠠ ᠶᠢᠨ 2024 ᠣᠨ ᠤ ︽ᠳᠡᠯᠡᠬᠡᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠵᠢᠴᠢ ᠤᠯᠠᠭᠠᠨᠰᠤᠬᠠᠢ ᠶᠢᠨ ᠬᠠᠨᠳᠠᠭᠠᠶ ᠶᠢ ᠣᠷᠣᠭᠤᠯᠤᠨ ᠠᠪᠴᠢᠷᠠᠬᠤ ᠪᠠ ᠬᠥᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ ᠤᠯᠠᠭᠠᠨᠰᠤᠬᠠᠢ ᠳᠤ ᠶᠠᠪᠤᠭᠳᠠᠪᠠ᠃     ᠶᠣᠰᠣᠯᠠᠯ ᠳᠡᠭᠡᠷ᠎ᠡ᠂ ᠪᠡᠭᠡᠵᠢᠩ ᠤᠨ ᠬᠠᠨᠳᠠᠭᠠᠶ ᠶᠢᠨ ᠠᠮᠢ ᠠᠬᠤᠶ ᠶᠢᠨ ᠲᠤᠷᠰᠢᠯᠲᠠ ᠶᠢᠨ ᠲᠥᠪ ᠪᠣᠯᠤᠨ ᠪᠠᠶᠠᠨᠨᠠᠭᠤᠷ ᠬᠤᠲᠠ ᠶᠢᠨ ᠤᠷᠠᠳ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ 20 ᠬᠠᠨᠳᠠᠭᠠᠶ ᠶᠢ ᠲᠤᠰᠢᠶᠠᠬᠤ ᠪᠠ ᠭᠥᠯᠢᠶᠡᠨ ᠠᠪᠬᠤ ᠬᠡᠯᠡᠯᠴᠡᠭᠡᠷ ᠲᠤᠭᠲᠠᠵᠤ᠂ ᠤᠯᠠᠭᠠᠨᠰᠤᠬᠠᠢ ᠶᠢᠨ ᠬᠠᠨᠳᠠᠭᠠᠶ ᠶᠢ ᠬᠥᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠲᠤᠷᠰᠢᠯᠲᠠ ᠶᠢᠨ ᠲᠠᠯᠠᠪᠠᠶ ᠫᠠᠶᠢᠰᠠ ᠰᠡᠬᠦᠪᠡ᠃ 

麋鹿3.jpg

     ᠤᠯᠠᠭᠠᠨᠰᠤᠬᠠᠢ ᠶᠢᠨ ᠬᠠᠨᠳᠠᠭᠠᠶ ᠶᠢ ᠬᠥᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠲᠤᠷᠰᠢᠯᠲᠠ ᠶᠢᠨ ᠲᠠᠯᠠᠪᠤᠷ ᠤᠨ ᠲᠥᠷᠥᠯ ᠵᠦᠢᠯ ᠢ

ᠤᠯᠠᠭᠠᠨᠰᠤᠬᠠᠢ ᠶᠢᠨ ᠴᠠᠭᠠᠷᠢᠭ ᠲᠤ 1 ᠲᠦᠮᠡᠨ ᠮᠥ ᠨᠤᠭᠤ ᠭᠠᠵᠠᠷ ᠪᠠᠶᠢᠭᠤᠯᠬᠤ ᠪᠠᠷ ᠲᠥᠯᠥᠪᠵᠢᠭᠦᠯᠵᠦ᠂ ᠬᠠᠨᠳᠠᠭᠠᠶ ᠶᠢ ᠳᠡᠯᠭᠡᠨ ᠦᠵᠡᠭᠦᠯᠬᠦ ᠣᠷᠣᠨ᠂

ᠠᠮᠢᠳᠤᠷᠠᠯ ᠤᠨ ᠣᠷᠣᠨ ᠪᠠ ᠪᠡᠯᠴᠢᠭᠦᠯᠬᠦ ᠣᠷᠣᠨ ᠢ ᠲᠣᠰ ᠲᠣᠰ ᠪᠥᠲᠥᠭᠡᠨ ᠪᠠᠶᠢᠭᠤᠯᠬᠤ ᠶᠢᠨ ᠬᠠᠮᠲᠤ᠂ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ᠂

ᠰᠢᠨᠵᠢᠯᠡᠬᠦ ᠤᠬᠠᠭᠠᠨ ᠤ ᠰᠤᠳᠤᠯᠭᠠᠨ᠂ ᠤᠬᠠᠭᠤᠯᠭ᠎ᠠ ᠬᠥᠮᠦᠵᠢᠯ᠂ ᠠᠪᠤᠷᠠᠯᠳᠠ ᠪᠠ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠴᠠᠬᠢᠯᠭᠠᠨ ᠬᠦᠴᠦᠨ᠂

ᠢᠯᠴᠢ ᠬᠠᠩᠭᠠᠬᠤ᠂ ᠤᠰᠤ ᠬᠠᠩᠭᠠᠵᠤ ᠭᠠᠳᠠᠭᠰᠢᠯᠠᠭᠤᠯᠬᠤ᠂ ᠴᠢᠮᠡᠭᠡ ᠬᠤᠯᠪᠣᠭ᠎ᠠ ᠵᠡᠷᠭᠡ ᠰᠠᠭᠤᠷᠢ ᠦᠢᠯᠡᠴᠢᠯᠡᠭᠡᠨ ᠤ ᠲᠥᠬᠦᠭᠡᠷᠦᠮᠵᠢ ᠶᠢ ᠢᠵᠢ

ᠪᠥᠷᠢᠳᠦᠭᠦᠯᠦᠨ ᠪᠠᠶᠢᠭᠤᠯᠵᠤ᠂ 60 ᠬᠠᠨᠳᠠᠭᠠᠶ ᠶᠢ ᠣᠷᠣᠭᠤᠯᠵᠤ ᠢᠷᠡᠬᠦ ᠪᠠᠷ ᠲᠥᠯᠥᠪᠯᠡᠵᠦ᠂ ᠵᠢᠱᠢᠯᠲᠡ ᠪᠠᠷ 5 ᠵᠢᠯ ᠤᠨ ᠳᠠᠷᠠᠭ᠎ᠠ ᠬᠠᠨᠳᠠᠭᠠᠶ ᠶᠢᠨ

ᠳᠦᠷᠰᠦ ᠶᠢᠨ ᠰᠦᠷᠦᠭ ᠤᠨ ᠲᠤᠭ᠎ᠠ ᠬᠡᠮᠵᠢᠶ᠎ᠡ ᠶᠢ 120 ᠪᠣᠯᠭᠠᠨ᠎ᠠ᠃ ᠤᠯᠠᠭᠠᠨᠰᠤᠬᠠᠢ ᠨᠠᠭᠤᠷ ᠤᠨ ᠤᠯᠤᠰ ᠤᠨ ᠨᠤᠭᠤ ᠭᠠᠵᠠᠷ ᠲᠤ ᠬᠠᠨᠳᠠᠭᠠᠶ

ᠣᠷᠣᠰᠢᠨ ᠠᠮᠢᠳᠤᠷᠠᠬᠤ ᠳᠤ ᠲᠣᠬᠢᠷᠠᠮᠵᠢᠲᠠᠶ ᠨᠤᠭᠤ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠪᠠ ᠡᠯᠪᠡᠭ ᠪᠠᠶᠠᠯᠢᠭ ᠤᠰᠤ ᠡᠪᠡᠰᠦᠨ ᠤ ᠡᠬᠢ

ᠪᠠᠶᠠᠯᠢᠭ ᠲᠠᠢ ᠪᠠᠶᠢᠵᠤ᠂ ᠬᠠᠨᠳᠠᠭᠠᠶ ᠶᠢ ᠣᠷᠣᠭᠤᠯᠤᠨ ᠠᠪᠴᠢᠷᠠᠬᠤ ᠪᠠ ᠬᠥᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠲᠥᠷᠥᠯ  ᠵᠦᠢᠯ ᠢ

ᠬᠡᠷᠡᠭᠵᠢᠭᠦᠯᠵᠦ᠂ ᠲᠣᠮᠣ ᠬᠡᠯᠪᠡᠷᠢ ᠶᠢᠨ ᠬᠥᠬᠦᠲᠡᠨ ᠤ ᠲᠥᠷᠥᠯ ᠤᠨ ᠠᠮᠢᠲᠠᠨ ᠤ ᠳᠦᠷᠰᠦ ᠶᠢᠨ ᠰᠦᠷᠦᠭ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠬᠦ ᠨᠢ

ᠪᠦᠷᠢᠨ ᠪᠦᠲᠦᠨ ᠨᠤᠭᠤ ᠭᠠᠵᠠᠷ ᠤᠨ ᠠᠮᠢ ᠠᠬᠤᠶ ᠶᠢᠨ ᠰᠢᠰᠲ᠋ᠧᠮ ᠤᠨ ᠪᠦᠲᠦᠴᠡ ᠶᠢ ᠪᠠᠶᠢᠭᠤᠯᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ

ᠬᠠᠮᠠᠭᠠᠯᠠᠬᠤ ᠪᠠ ᠠᠰᠢᠭᠯᠠᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ 

麋鹿1.jpg

麋鹿2.jpg

     ᠣᠶᠢᠯᠠᠭᠠᠭᠰᠠᠨ ᠢᠶᠠᠷ᠂ ᠲᠣᠰ ᠤᠳᠠᠭ᠎ᠠ ᠪᠠᠶᠢᠭᠤᠯᠤᠭᠳᠠᠭᠰᠠᠨ ᠬᠠᠨᠳᠠᠭᠠᠶ ᠶᠢᠨ ᠨᠡᠭᠦᠳᠡᠯ ᠤᠨ ᠳᠦᠷᠰᠦ ᠶᠢᠨ ᠰᠦᠷᠦᠭ ᠪᠣᠯ ᠬᠠᠨᠳᠠᠭᠠᠶ ᠶᠢᠨ

ᠤᠯᠤᠰ ᠤᠨ ᠬᠠᠮᠠᠭᠠᠯᠠᠯᠲᠠ ᠶᠢᠨ ᠰᠤᠳᠤᠯᠭᠠᠨ ᠤ ᠲᠥᠪ ᠤᠨ ᠣᠶᠢᠷ᠎ᠠ ᠶᠢᠨ 40 ᠵᠢᠯ ᠤᠨ ᠲᠤᠷᠰᠢ ᠡᠷᠲᠡᠨ ᠤ ᠲᠠᠷᠬᠠᠯᠲᠠ ᠶᠢᠨ ᠭᠠᠵᠠᠷ ᠲᠤ

ᠪᠠᠶᠢᠭᠤᠯᠤᠭᠰᠠᠨ 47 ᠳ᠋ᠤᠭᠡᠷ ᠨᠡᠭᠦᠳᠡᠯ ᠤᠨ ᠳᠦᠷᠰᠦ ᠶᠢᠨ ᠰᠦᠷᠦᠭ ᠪᠣᠯᠤᠨ᠎ᠠ᠂ 2021 ᠣᠨ ᠤ ᠥᠪᠥᠷ ᠮᠣᠩᠭᠤᠯ ᠤᠨ ᠳᠠᠯᠠᠨ ᠬᠠᠷ᠎ᠠ ᠠᠭᠤᠯᠠ ᠶᠢᠨ

ᠬᠡᠭᠡᠷ᠎ᠡ ᠶᠢᠨ ᠪᠣᠯᠪᠠᠰᠤᠷᠠᠯ ᠤᠨ ᠳᠦᠷᠰᠦ ᠶᠢᠨ ᠰᠦᠷᠦᠭ ᠤᠨ ᠳᠠᠷᠠᠭ᠎ᠠ ᠥᠪᠥᠷ ᠮᠣᠩᠭᠤᠯ ᠳᠤ ᠪᠠᠶᠢᠭᠤᠯᠤᠭᠰᠠᠨ ᠬᠤᠶᠠᠳᠤᠭᠠᠷ ᠬᠠᠨᠳᠠᠭᠠᠶ ᠶᠢᠨ

ᠬᠠᠮᠠᠭᠠᠯᠠᠯᠲᠠ ᠶᠢᠨ ᠳᠦᠷᠰᠦ ᠶᠢᠨ ᠰᠦᠷᠦᠭ ᠪᠣᠯᠤᠨ᠎ᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ