4 ᠰᠠᠷ᠎ᠠ ᠶᠢᠨ 9 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠤᠷᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠯᠠᠹᠯᠤᠹ ᠲᠠᠢ ᠠᠭᠤᠯᠵᠠᠪᠠ᠃ | ᠰᠢ ᠶᠢᠨ ᠫᠢᠩ ᠯᠠᠹᠯᠤᠹ ᠢᠶᠠᠷ ᠳᠠᠮᠵᠢᠭᠤᠯᠵᠤ ᠶᠡᠷᠦᠩᠬᠡᠶᠢᠯᠡᠭᠴᠢ ᠫᠦᠲ᠋ᠢᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠰᠢ ᠶᠢᠨ ᠫᠢᠩ᠂ | ᠡᠨᠡ ᠵᠢᠯ ᠪᠣᠯ ᠳᠤᠮᠳᠠᠳᠤ ᠤᠷᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠣᠯᠣᠨ᠎ᠠ᠃ ᠳᠤᠮᠳᠠᠳᠤ ᠤᠷᠤᠰ ᠬᠤᠶᠠᠷ ᠤᠯᠤᠰ | ᠭᠠᠷ ᠬᠤᠯᠪᠣᠯᠴᠠᠨ ᠲᠣᠮᠣ ᠤᠯᠤᠰ᠂ ᠬᠥᠷᠰᠢ ᠤᠯᠤᠰ ᠤᠨ ᠡᠶ᠎ᠡ ᠨᠠᠶᠢᠷᠲᠠᠢ ᠬᠠᠮᠲᠤ ᠣᠷᠣᠰᠢᠬᠤ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ | ᠰᠢᠨ᠎ᠡ ᠵᠠᠮ ᠢᠶᠠᠷ ᠵᠠᠮᠨᠠᠵᠤ᠂ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠭᠰᠡᠨ ᠪᠥᠭᠡᠳ ᠳᠡᠯᠡᠬᠡᠢ ᠶᠢᠨ ᠲᠥᠪ | ᠭᠤᠣᠯᠴᠢ ᠰᠢᠳᠤᠷᠭᠤ ᠶᠣᠰᠣᠨ ᠤ ᠲᠥᠯᠥᠭᠡ ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠡᠷᠭᠦᠭᠰᠡᠨ ᠶᠤᠮ᠃ ᠪᠢ ᠶᠡᠷᠦᠩᠬᠡᠶᠢᠯᠡᠭᠴᠢ ᠫᠦᠲ᠋ᠢᠨ ᠲᠠᠢ | ᠨᠢᠭᠲᠠ ᠶᠠᠪᠤᠯᠴᠠᠭ᠎ᠠ ᠪᠠᠨ ᠦᠷᠭᠦᠯᠵᠢᠯᠡᠨ ᠪᠠᠲᠤᠯᠠᠵᠤ᠂ ᠳᠤᠮᠳᠠᠳᠤ ᠤᠷᠤᠰ ᠤᠨ ᠬᠠᠷᠢᠯᠴᠠᠭ᠎ᠠ ᠢᠮᠠᠭᠲᠠ ᠤᠷᠤᠭᠰᠢᠲᠠᠢ ᠲᠣᠭᠲᠠᠭᠤᠨ ᠢᠶᠠᠷ ᠤᠷᠤᠭᠰᠢ | ᠬᠥᠭᠵᠢᠬᠦ ᠶᠢ ᠪᠠᠲᠤᠯᠠᠨ᠎ᠠ ᠭᠡᠵᠦ ᠰᠠᠨᠠᠯ ᠨᠢᠭᠡᠲᠡᠢ ᠵᠥᠪᠰᠢᠶᠡᠷᠡᠪᠡ᠃ ᠬᠤᠶᠠᠷ ᠲᠠᠯ᠎ᠠ ᠪᠠᠷ ᠢᠶᠠᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ | ᠤᠢ ᠶᠢ ᠪᠡᠯᠭᠡᠯᠡᠬᠦ ᠪᠠ ᠳᠤᠮᠳᠠᠳᠤ ᠤᠷᠤᠰ ᠤᠨ ᠰᠣᠶᠣᠯ ᠤᠨ ᠣᠨ ᠢ ᠡᠷᠭᠢᠯᠡᠭᠦ ᠪᠠᠷ ᠠᠵᠠ ᠲᠣᠭᠢᠶᠠᠯ ᠪᠤᠯᠭᠠᠵᠤ᠂ ᠮᠢᠨᠤ ᠶᠡᠷᠦᠩᠬᠡᠶᠢᠯᠡᠭᠴᠢ ᠫᠦᠲ᠋ᠢᠨ ᠲᠠᠢ | ᠲᠣᠬᠢᠷᠠᠯᠴᠠᠭᠰᠠᠨ ᠠᠯᠢ ᠤᠯᠠᠨ ᠴᠢᠬᠤᠯᠠ ᠬᠠᠮᠲᠤ ᠶᠢᠨ ᠲᠠᠨᠢᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠬᠢᠨ ᠤᠷᠤᠰ ᠤᠨ ᠠᠷᠠᠳ ᠲᠦᠮᠡᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ | ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠲᠡᠮᠵᠢᠵᠥ᠂ ᠤᠷᠤᠰ ᠤᠨ ᠬᠢᠨ ᠤ ᠰᠦᠷᠳᠡᠭᠦᠯᠬᠦ ᠦᠵᠡᠯ ᠳᠤ ᠴᠣᠬᠢᠯᠲᠠ ᠥᠭᠴᠦ᠂ ᠨᠡᠶᠢᠭᠡᠮ ᠤᠨ ᠠᠮᠤᠷ | ᠲᠦᠪᠰᠢᠨ ᠲᠣᠭᠲᠠᠭᠤᠨ ᠢ ᠬᠠᠮᠠᠭᠠᠯᠠᠬᠤ ᠶᠢ ᠲᠡᠮᠵᠢᠨ᠎ᠡ᠃ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ ᠤᠷᠤᠰ ᠤᠨ ᠬᠠᠷᠢᠯᠴᠠᠭ᠎ᠠ ᠶᠢᠨ ᠬᠥᠭᠵᠢᠯᠲᠡ ᠶᠢ | ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠤᠷᠤᠰ ᠯᠤᠭ᠎ᠠ ᠬᠤᠶᠠᠷ ᠲᠠᠯ᠎ᠠ ᠶᠢᠨ ᠣᠯᠣᠯᠴᠠᠭ᠎ᠠ ᠪᠠᠨ ᠨᠢᠭᠲᠠᠷᠠᠭᠤᠯᠵᠤ᠂ ᠠᠯᠳᠠᠨ | ᠲᠣᠭᠤᠰᠭ᠋᠎ᠠ ᠤᠯᠤᠰ ᠤᠳ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭ᠎ᠠ ᠪᠠᠨ ᠴᠢᠩᠭᠠᠳᠬᠠᠵᠤ᠂ ᠨᠡᠩ ᠤᠯᠠᠨ ᠬᠠᠷᠢᠭᠤᠴᠠᠯᠭ᠎ᠠ ᠶᠢ ᠢᠯᠡᠷᠡᠭᠦᠯᠵᠦ᠂ ᠡᠷᠬᠡ ᠲᠡᠭᠰᠢ᠂ ᠨᠡᠭᠡᠭᠡᠯᠲᠡᠲᠡᠢ᠂ ᠢᠯᠡ ᠲᠣᠳᠣ᠂ ᠪᠠᠭᠲᠠᠭᠠᠮᠵᠢᠲᠠᠢ | ᠵᠣᠷᠢᠭ ᠰᠠᠨᠠᠭ᠎ᠠ ᠪᠠᠷ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ︾ ᠤᠯᠤᠰ ᠤᠳ ᠲᠠᠢ ᠪᠦᠯᠬᠦᠮᠳᠡᠵᠦ᠂ ᠪᠦᠭᠦ ᠪᠥᠮᠪᠥᠷᠴᠡᠭ ᠤᠨ ᠵᠠᠰᠠᠯᠲᠠ ᠶᠢᠨ | ᠰᠢᠰᠲ᠋ᠧᠮ ᠤᠨ ᠬᠤᠪᠢᠰᠤᠯᠲᠠ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠦᠴᠦᠲᠡᠢ | ᠬᠥᠲᠥᠯᠥᠨ ᠳᠠᠭᠠᠭᠤᠯᠤᠨ᠎ᠠ ᠭᠡᠵᠦ ᠴᠢᠬᠤᠯᠠᠴᠢᠯᠠᠪᠠ᠃ | ᠯᠠᠹᠯᠤᠹ ᠶᠡᠷᠦᠩᠬᠡᠶᠢᠯᠡᠭᠴᠢ ᠫᠦᠲ᠋ᠢᠨ ᠤ ᠲᠡᠷᠢᠭᠦᠯᠡᠭᠴᠢ ᠰᠢ ᠶᠢᠨ ᠫᠢᠩ ᠳᠤ ᠳᠡᠪᠰᠢᠭᠦᠯᠦᠭᠰᠡᠨ ᠳᠣᠲᠣᠨᠣ ᠮᠡᠨᠳᠦᠴᠢᠯᠡᠯ ᠪᠣᠯᠣᠨ ᠰᠠᠶᠢᠨ ᠰᠠᠶᠢᠬᠠᠨ | ᠵᠥᠩᠨᠡᠯ ᠢ ᠳᠠᠮᠵᠢᠭᠤᠯᠪᠠ᠃ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠳᠡᠯᠡᠬᠡᠢ ᠳ᠋ᠠᠬᠢᠨ ᠤ | ᠠᠩᠬᠠᠷᠤᠯ ᠢ ᠲᠠᠲᠠᠭᠰᠠᠨ ᠠᠮᠵᠢᠯᠲᠠ ᠣᠯᠵᠤ᠂ ᠪᠤᠰᠤᠳ ᠤᠯᠤᠰ ᠤᠨ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠳᠤ ᠴᠢᠬᠤᠯᠠ ᠠᠵᠠ ᠲᠣᠭᠢᠶᠠᠯ | ᠬᠠᠩᠭᠠᠵᠠᠢ᠂ ᠤᠷᠤᠰ ᠤᠨ ᠬᠢᠨ ᠡᠭᠦᠨ ᠢ ᠶᠡᠬᠡᠳᠡ ᠪᠢᠰᠢᠷᠡᠵᠦ ᠪᠠᠶᠢᠨ᠎ᠠ᠃ ᠤᠷᠤᠰ ᠤᠨ ᠭᠠᠳᠠᠭᠠᠳᠤ ᠲᠦᠷᠦ ᠶᠢᠨ ᠪᠣᠳᠣᠯᠭ᠎ᠠ ᠶᠢᠨ ᠲᠡᠷᠢᠭᠦᠨ ᠴᠢᠬᠤᠯᠠ | ᠴᠢᠭᠯᠡᠯᠲᠡ ᠪᠣᠯ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠪᠦᠭᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠦᠨ᠎ᠡ᠃ ᠶᠡᠷᠦᠩᠬᠡᠶᠢᠯᠡᠭᠴᠢ ᠫᠦᠲ᠋ᠢᠨ | ᠤᠷᠤᠭᠰᠢᠲᠠᠢ ᠪᠠᠷ ᠰᠣᠩᠭᠤᠭᠳᠠᠵᠤ ᠦᠷᠭᠦᠯᠵᠢᠯᠡᠨ ᠲᠤᠰᠢᠶᠠᠯ ᠡᠭᠦᠷᠭᠡᠯᠡᠬᠦ ᠪᠣᠯᠤᠭᠰᠠᠨ ᠨᠢ ᠤᠷᠤᠰ ᠳᠤᠮᠳᠠᠳᠤ ᠶᠢᠨ ᠬᠠᠷᠢᠯᠴᠠᠭᠠᠨ ᠤ ᠦᠷᠭᠦᠯᠵᠢᠯᠡᠬᠦ | ᠴᠢᠨᠠᠷ ᠢ ᠪᠠᠲᠤᠯᠠᠪᠠ᠃ ᠤᠷᠤᠰ ᠳᠤᠮᠳᠠᠳᠤ ᠶᠢᠨ ᠬᠠᠷᠢᠯᠴᠠᠭ᠎ᠠ ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ ᠰᠠᠭᠤᠷᠢᠨ ᠳᠡᠭᠡᠷ᠎ᠡ ᠪᠠᠶᠢᠭᠤᠯᠤᠭᠳᠠᠵᠤ᠂ | ᠬᠦᠢᠲᠡᠨ ᠲᠠᠶᠢᠨ ᠤ ᠦᠶ᠎ᠡ ᠶᠢᠨ ᠬᠤᠯᠪᠣᠭᠠᠨ ᠤ ᠬᠠᠷᠢᠴᠠᠭ᠎ᠠ ᠶᠢ ᠳᠠᠪᠠᠵᠤ᠂ ᠬᠦᠴᠦᠷᠬᠡᠭ ᠶᠡᠭᠡ ᠤᠶᠠᠨ ᠬᠠᠳᠠᠨ ᠴᠢᠨᠠᠷ ᠢᠶᠠᠨ ᠢᠯᠡᠷᠡᠭᠦᠯᠪᠡ᠃ | ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠶᠠᠷ ᠤᠯᠤᠰ ᠤᠨ ᠲᠡᠷᠢᠭᠦᠨ ᠤ ᠴᠢᠬᠤᠯᠠ ᠬᠠᠮᠲᠤ ᠶᠢᠨ ᠲᠠᠨᠢᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠬᠤᠶᠠᠷ ᠲᠠᠯ᠎ᠠ ᠶᠢᠨ ᠪᠠ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠪᠤᠰᠤᠳ ︽ᠪᠦᠭᠦ ᠪᠥᠮᠪᠥᠷᠴᠡᠭ ᠤᠨ | ᠬᠥᠭᠵᠢᠵᠦ ᠪᠠᠶᠢᠭ᠎ᠠ︾ ᠤᠯᠤᠰ ᠤᠳ ᠲᠠᠢ ᠬᠠᠮᠲᠤ ᠪᠠᠷ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠩ ᠡᠷᠬᠡ ᠲᠡᠭᠰᠢ ᠲᠥᠪ ᠭᠤᠣᠯᠴᠢ ᠤᠯᠠᠨ | ᠤᠯᠤᠰ ᠤᠨ ᠡᠮᠬᠢ ᠳᠢᠭᠯᠢᠮ ᠢ ᠠᠬᠢᠭᠤᠯᠤᠨ ᠪᠦᠷᠢᠯᠳᠦᠭᠦᠯᠬᠦ ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ | |