ᠤᠷᠠᠳ ᠤᠨ ᠡᠮᠦᠨᠡᠲᠦ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠣᠨ ᠤ ᠲᠥᠰᠦᠪ ᠤᠨ ᠭᠦᠢᠴᠡᠳᠭᠡᠯ ᠤᠨ ᠬᠢᠨᠠᠨ ᠪᠤᠳᠤᠯᠲᠠ ᠶᠢ ᠰᠠᠶᠢᠲᠤᠷ ᠬᠢᠵᠤ ᠪᠠᠶᠢᠨ᠎ᠠ
ᠨᠡᠶᠢᠲᠡᠯᠡᠭᠰᠡᠨ ᠴᠠᠭ᠄
2024/4/10
    ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠡᠳ᠋ ᠤᠨ ᠵᠠᠰᠠᠭ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠶ ᠬᠠᠤᠯᠢ ᠶᠣᠰᠣᠨ ᠤ ᠦᠷ᠎ᠡ ᠠᠰᠢᠭ ᠤᠨ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠩᠬ᠎ᠠ ᠤᠳᠠᠭ᠎ᠠ ᠪᠥᠬᠦ ᠣᠷᠣᠨ ᠤ ᠭᠤᠷᠪᠠᠨ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠳᠡᠭᠡᠳᠦ ᠳᠤᠤᠷᠠᠳᠤ ᠱᠠᠲᠤ ᠬᠠᠮᠲᠤᠷᠠᠨ ᠬᠥᠳᠡᠯᠦᠯᠴᠡᠬᠦ ᠪᠠᠷ ᠳᠠᠮᠵᠢᠭᠤᠯᠤᠨ᠂ ᠡᠳ᠋ ᠤᠨ ᠵᠠᠰᠠᠭ ᠤᠨ ᠲᠥᠰᠦᠪ ᠤᠨ ᠬᠡᠷᠡᠭᠵᠢᠭᠦᠯᠦᠯᠲᠡ ᠶᠢᠨ ᠬᠢᠨᠠᠨ ᠪᠤᠳᠤᠯᠲᠠ ᠶᠢ ᠥᠷᠨᠢᠭᠦᠯᠪᠡ᠃     ᠲᠣᠰ ᠤᠳᠠᠭᠠᠨ ᠤ ᠬᠢᠨᠠᠨ ᠪᠤᠳᠤᠯᠲᠠ ᠨᠢ ︽ᠠᠭᠤᠯᠭ᠎ᠠ ᠶᠢ ᠨᠡᠪᠲᠡᠷᠡᠯᠴᠡᠭᠦᠯᠬᠦ᠂ ᠲᠥᠰᠦᠯ ᠢ ᠨᠢᠭᠡᠳᠬᠡᠬᠦ᠂ ᠱᠠᠲᠤ ᠬᠤᠪᠢᠶᠠᠨ ᠬᠠᠷᠢᠭᠤᠴᠠᠬᠤ᠂ ᠵᠡᠷᠭᠡᠪᠡᠷ ᠬᠡᠷᠡᠭᠵᠢᠭᠦᠯᠬᠦ︾ ᠵᠠᠷᠴᠢᠮ ᠢ ᠪᠠᠷᠢᠮᠲᠠᠯᠠᠵᠤ᠂ 2023 ᠣᠨ ᠤ ᠬᠤᠰᠢᠭᠤ  ᠶᠢᠨ ᠱᠠᠲᠤᠨ ᠤ ᠲᠥᠰᠦᠪ ᠢ  ᠭᠦᠢᠴᠡᠳᠭᠡᠭᠰᠡᠨ ᠶᠡᠷᠦᠩᠬᠡᠶ ᠪᠠᠶᠢᠳᠠᠯ ᠢ ᠪᠥᠬᠦ ᠲᠠᠯ᠎ᠠ ᠪᠠᠷ ᠪᠤᠰᠤᠳᠴᠢ ᠪᠠᠷ ᠲᠤᠰᠬᠠᠵᠤ᠂ ᠬᠤᠰᠢᠭᠤ  ᠶᠢᠨ ᠱᠠᠲᠤᠨ ᠤ ᠡᠳ᠋ ᠤᠨ ᠵᠠᠰᠠᠭ ᠤᠨ ᠬᠠᠮᠢᠶᠠᠷᠤᠯᠲᠠ᠂ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠲᠦᠭᠡᠮᠡᠯ ᠴᠢᠨᠠᠷᠲᠠᠶ᠂ ᠬᠠᠨᠳᠤᠯᠭᠠᠲᠤ ᠴᠢᠨᠠᠷᠲᠠᠶ᠂ ᠨᠡᠶᠢᠲᠡᠯᠢᠭ ᠴᠢᠨᠠᠷᠲᠠᠶ ᠪᠤᠶᠤ ᠪᠠᠶᠢᠭᠤᠯᠤᠮᠵᠢ᠂ ᠲᠣᠭᠲᠠᠴᠠ ᠶᠢᠨ ᠲᠠᠯ᠎ᠠ ᠶᠢᠨ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠤᠨ ᠪᠣᠶ ᠪᠣᠯᠤᠭᠰᠠᠨ ᠦᠨᠳᠦᠰᠦ ᠰᠤᠷᠪᠤᠯᠵᠢ ᠶᠢ ᠵᠠᠳᠠᠯᠵᠤ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠬᠦ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠨᠠᠭᠤᠯᠭ᠎ᠠ ᠶᠢ ᠳᠤᠷᠠᠳᠴᠤ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ᠂ ᠲᠥᠰᠦᠪ ᠤᠨ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠬᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠡᠳ᠋ ᠤᠨ ᠵᠠᠰᠠᠭ ᠠᠵᠤ ᠠᠬᠤᠶ ᠶᠢᠨ ᠠᠵᠢᠯᠯᠠᠭᠠᠨ ᠢ ᠠᠮᠤᠷ ᠲᠦᠪᠰᠢᠨ ᠪᠠᠶᠢᠯᠭᠠᠬᠤ ᠶᠢ ᠲᠠᠰᠤᠷᠠᠯᠲᠠ ᠥᠬᠡᠶ ᠠᠬᠢᠭᠤᠯᠤᠭᠰᠠᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ