ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠤ ᠪᠠᠨ ︽ᠰᠠᠶᠢᠨ ᠡᠭᠦᠯᠳᠡᠷ᠂ ᠰᠠᠶᠢᠨ ᠲᠣᠬᠢᠶᠠᠯ᠂ ᠰᠠᠶᠢᠨ ᠠᠷᠭ᠎ᠠ ᠶᠢ ᠳᠡᠯᠭᠡᠷᠡᠭᠦᠯᠬᠦ ᠪᠠᠨ | ᠡᠷᠴᠢᠮᠵᠢᠭᠦᠯᠵᠦ᠂ ᠨᠠᠷᠢᠯᠢᠭ ᠳᠠᠷᠢᠵᠤ ᠨᠢᠮᠪᠠᠢ ᠠᠷᠠᠴᠢᠯᠠᠬᠤ ᠳᠤ ᠬᠦᠴᠦ ᠲᠠᠯᠪᠢᠨ᠂ ᠠᠮᠤ ᠪᠤᠳᠠᠭᠠᠨ ᠤ ᠨᠢᠭᠡᠴᠢ ᠲᠠᠯᠠᠪᠠᠢ ᠶᠢᠨ ᠤᠨᠠᠯᠲᠠ ᠪᠠ ᠴᠢᠨᠠᠷ ᠢ | ᠴᠢᠨᠠᠭᠰᠢᠳᠠ ᠤᠯᠠᠮ ᠳᠡᠭᠡᠭᠰᠢᠯᠡᠭᠦᠯᠵᠦ᠂ ᠠᠮᠤ ᠪᠤᠳᠠᠭ᠎ᠠ ᠲᠠᠷᠢᠭᠠᠳ ᠴᠤ ᠪᠠᠶᠠᠵᠢᠵᠤ ᠳᠡᠶᠢᠯᠬᠦ ᠪᠣᠯᠭᠠᠨ᠎ᠠ︾ ᠭᠡᠵᠡᠢ᠃ ᠡᠨᠡ ᠵᠢᠯ ᠤᠨ ᠲᠥᠪ ᠤᠨ | ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ︽ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠭᠤᠣᠯᠳᠠᠯᠭ᠎ᠠ ᠶᠢ ᠨᠢᠭᠡᠴᠢ ᠲᠠᠯᠠᠪᠠᠢ ᠶᠢᠨ ᠤᠨᠠᠯᠲᠠ ᠶᠢ | ᠶᠡᠭᠡ ᠬᠡᠪᠴᠢᠶ᠎ᠡ ᠪᠠᠷ ᠨᠡᠮᠡᠭᠳᠡᠭᠦᠯᠬᠦ ᠳᠡᠭᠡᠷ᠎ᠡ ᠲᠠᠯᠪᠢᠬᠤ ᠬᠡᠷᠡᠭᠲᠡᠢ︾ ︽ᠠᠮᠤ ᠪᠤᠳᠠᠭᠠᠨ ᠤ ᠨᠢᠭᠡᠴᠢ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ | ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ︾ ᠭᠡᠵᠦ ᠳᠤᠷᠠᠳᠤᠨ ᠭᠠᠷᠭᠠᠵᠠᠢ᠃ | ᠨᠢᠳᠤᠨᠤᠨ᠂ ᠰᠢᠷ᠎ᠠ ᠪᠤᠷᠴᠠᠭ᠂ ᠡᠷᠳᠡᠨᠢ ᠰᠢᠰᠢ ᠬᠤᠶᠠᠷ ᠶᠡᠭᠡ ᠲᠠᠷᠢᠮᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠮᠠᠨ ᠤ ᠤᠯᠤᠰ ᠠᠮᠤ ᠲᠣᠰᠣ ᠵᠡᠷᠭᠡ | ᠭᠤᠣᠯ ᠪᠣᠯᠬᠤ ᠲᠠᠷᠢᠮᠠᠯ ᠤᠨ ᠨᠢᠭᠡᠴᠢ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ ᠠᠵᠢᠯᠯᠠᠭ᠎ᠠ ᠶᠢ ᠡᠬᠢᠯᠡᠭᠦᠯᠦᠭᠡᠳ᠂ ᠠᠩᠬ᠎ᠠ ᠠᠯᠬᠤᠮ ᠤᠨ ᠦᠷ᠎ᠡ | ᠪᠦᠲᠦᠮᠵᠢ ᠣᠯᠪᠠ᠃ ᠭᠤᠣᠯᠳᠠᠯᠭ᠎ᠠ ᠲᠠᠢ ᠰᠢᠶᠠᠨ ᠤ ᠰᠢᠷ᠎ᠠ ᠪᠤᠷᠴᠠᠭ᠂ ᠡᠷᠳᠡᠨᠢ ᠰᠢᠰᠢ ᠶᠢᠨ ᠮᠦ ᠪᠦᠷᠢ ᠶᠢᠨ ᠤᠨᠠᠯᠲᠠ ᠶᠢ ᠲᠤᠰ ᠲᠤᠰ 19.9 ᠺᠢᠯᠣᠭ᠍ᠷᠠᠮ | ᠂ 72.6 ᠺᠢᠯᠣᠭ᠍ᠷᠠᠮ ᠨᠡᠮᠡᠭᠳᠡᠭᠦᠯᠵᠦ᠂ ᠤᠨᠠᠯᠲᠠ ᠶᠢ ᠨᠡᠮᠡᠭᠳᠡᠭᠦᠯᠬᠦ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠶᠢ 73% ᠠᠴᠠ ᠳᠠᠪᠠᠭᠤᠯᠵᠤ᠂ | ᠪᠦᠬᠦ ᠤᠯᠤᠰ ᠤᠨ ᠠᠮᠤ ᠪᠤᠳᠠᠭᠠᠨ ᠤ ᠮᠦ ᠪᠦᠷᠢ ᠶᠢᠨ ᠤᠨᠠᠯᠲᠠ ᠶᠢ ᠳᠠᠶᠢᠴᠢᠯᠠᠨ 2.9 ᠺᠢᠯᠣᠭ᠍ᠷᠠᠮ ᠨᠡᠮᠡᠭᠳᠡᠭᠦᠯᠪᠡ᠃ | ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠭᠠᠵᠠᠷ ᠤᠨ ᠨᠠᠮ ᠤᠨ ᠬᠤᠷᠢᠶᠠᠨ ᠤ ᠱᠦᠵᠢ ᠯᠢᠦ ᠯᠦ ᠰᠢᠶᠠᠩ ᠢᠯᠡᠷᠬᠡᠶᠢᠯᠡᠬᠦ ᠳᠤ ᠪᠠᠨ᠂ ᠲᠠᠷᠢᠶᠠᠨ ᠭᠠᠵᠠᠷ ᠬᠢᠭᠡᠳ ᠤᠰᠤᠨ ᠤ ᠡᠬᠢ ᠪᠠᠶᠠᠯᠢᠭ ᠤᠨ | ᠬᠢᠵᠠᠭᠠᠷᠯᠠᠯ ᠠᠴᠠ ᠪᠣᠯᠵᠤ᠂ ᠣᠳᠣᠬᠠᠨ ᠳᠤ ᠮᠠᠨ ᠤ ᠤᠯᠤᠰ ᠤᠨ ᠲᠠᠯᠠᠪᠠᠢ ᠶᠢ ᠥᠷᠭᠡᠳᠬᠡᠬᠦ ᠳᠤ ᠲᠦᠰᠢᠭᠯᠡᠨ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ | ᠣᠷᠣᠨ ᠵᠠᠢ ᠨᠡᠯᠢᠶᠡᠳ ᠬᠢᠵᠠᠭᠠᠷ ᠲᠠᠢ ᠪᠠᠶᠢᠨ᠎ᠠ᠂ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠭᠤᠣᠯ ᠠᠷᠭ᠎ᠠ ᠵᠠᠮ ᠪᠣᠯ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠳᠤ ᠲᠦᠰᠢᠭᠯᠡᠨ ᠨᠢᠭᠡᠴᠢ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ ᠶᠠᠪᠤᠳᠠᠯ ᠶᠤᠮ ᠭᠡᠯᠡ᠃ | ᠶᠡᠷᠦᠩᠬᠡᠢ ᠳᠤ ᠨᠢ ᠠᠪᠴᠤ ᠦᠵᠡᠪᠡᠯ᠂ ᠮᠠᠨ ᠤ ᠤᠯᠤᠰ ᠤᠨ ᠠᠮᠤ ᠲᠣᠰᠣᠨ ᠤ ᠲᠠᠷᠢᠮᠠᠯ ᠤᠨ ᠨᠢᠭᠡᠴᠢ ᠲᠠᠯᠠᠪᠠᠢ ᠶᠢᠨ ᠤᠨᠠᠯᠲᠠ ᠶᠢ ᠶᠡᠭᠡ | ᠬᠡᠪᠴᠢᠶ᠎ᠠ ᠪᠠᠷ ᠨᠡᠮᠡᠭᠳᠡᠭᠦᠯᠬᠦ ᠲᠠᠯ᠎ᠠ ᠪᠠᠷ ᠮᠥᠨ ᠨᠡᠯᠢᠶᠡᠳ ᠶᠡᠭᠡ ᠨᠢᠭᠤᠭᠳᠠᠮᠠᠯ ᠬᠦᠴᠦᠨ ᠪᠤᠢ᠃ ᠮᠡᠷᠭᠡᠵᠢᠯᠲᠡᠳ ᠤᠨ ᠵᠢᠭᠠᠵᠤ ᠭᠠᠷᠭᠠᠭᠰᠠᠨ ᠢᠶᠠᠷ᠂ | ᠳᠡᠯᠡᠬᠡᠢ ᠶᠢᠨ ᠲᠡᠷᠢᠭᠦᠨ ᠤ ᠲᠦᠪᠰᠢᠨ ᠲᠠᠢ ᠬᠠᠷᠢᠴᠠᠭᠤᠯᠪᠠᠯ᠂ ᠮᠠᠨ ᠤ ᠤᠯᠤᠰ ᠡᠷᠳᠡᠨᠢ ᠰᠢᠰᠢ᠂ ᠰᠢᠷ᠎ᠠ ᠪᠤᠷᠴᠠᠭ᠂ ᠰᠢᠯᠢᠮᠳᠡᠭ ᠤᠨ ᠳᠤᠮᠳᠠᠴᠢ ᠨᠢᠭᠡᠴᠢ | ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ ᠣᠷᠣᠨ ᠵᠠᠢ ᠲᠠᠢ ᠪᠠᠶᠢᠭᠰᠠᠭᠠᠷ᠃ ᠠᠳᠠᠯᠢ ᠪᠤᠰᠤ ᠭᠠᠵᠠᠷ ᠣᠷᠣᠨ ᠳᠤ᠂ ᠲᠠᠷᠢᠮᠠᠯ ᠤᠨ ᠳᠦᠷᠢᠮ᠂ ᠳᠠᠷᠢᠵᠤ | ᠤᠷᠭᠤᠭᠤᠯᠬᠤ ᠵᠠᠭᠪᠤᠷ᠂ ᠮᠡᠷᠭᠡᠵᠢᠯ ᠢᠶᠠᠨ ᠪᠣᠲᠠᠲᠠᠶᠢᠵᠢᠭᠤᠯᠤᠭᠰᠠᠨ ᠨᠣᠷᠮ᠎ᠠ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠤ᠂ ᠮᠥᠨ | ᠠᠳᠠᠯᠢᠬᠠᠨ ᠢᠶᠠᠷ ᠨᠢᠭᠡᠴᠢ ᠲᠠᠯᠠᠪᠠᠢ ᠶᠢᠨ ᠤᠨᠠᠯᠲᠠ ᠶᠢᠨ ᠵᠥᠷᠢᠶ᠎ᠡ ᠢᠯᠡᠳᠲᠡ ᠣᠷᠣᠰᠢᠵᠤ ᠪᠠᠶᠢᠨ᠎ᠠ᠃ | ᠡᠨᠡ ᠵᠢᠯ᠂ ᠮᠠᠨ ᠤ ᠤᠯᠤᠰ ᠮᠢᠩᠭᠠᠨ ᠳ᠋ᠦᠩᠰᠢᠭᠤᠷ ᠵᠢᠩ ᠠᠮᠤ ᠪᠤᠳᠠᠭ᠎ᠠ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠰᠢᠨ᠎ᠡ ᠨᠢᠭᠡ | ᠡᠭᠡᠯᠵᠢᠨ ᠤ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠬᠤ ᠪᠣᠯᠣᠨ᠎ᠠ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠮᠠᠯ ᠤᠨ ᠦᠢᠯᠡᠰ ᠤᠨ | ᠬᠠᠮᠢᠶᠠᠷᠤᠯᠲᠠ ᠶᠢᠨ ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ᠪᠣᠯ᠂ ᠨᠢᠭᠡᠴᠢ ᠲᠠᠯᠠᠪᠠᠢ ᠶᠢᠨ ᠤᠨᠠᠯᠲᠠ ᠭᠡᠬᠦ ᠡᠨᠡ ᠬᠦ | ᠵᠠᠩᠭᠢᠯᠠᠭ᠎ᠠ ᠶᠢᠨ ᠬᠤᠪᠢᠰᠤᠭᠴᠢ ᠬᠡᠮᠵᠢᠭᠳᠡᠬᠦᠨ ᠳᠤ ᠴᠢᠭᠯᠡᠭᠦᠯᠦᠨ᠂ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ | ᠮᠡᠷᠭᠡᠵᠢᠯ ᠤᠨ ᠨᠢᠭᠡ ᠪᠦᠯᠦᠭ ᠵᠠᠭᠪᠤᠷ ᠤᠳ ᠢ ᠦᠷᠭᠦᠯᠵᠢᠯᠡᠨ ᠬᠤᠷᠠᠮᠳᠤᠭᠤᠯᠵᠤ᠂ ᠤᠨᠠᠯᠲᠠ ᠪᠠ ᠦᠷ᠎ᠡ ᠠᠰᠢᠭ ᠢ ᠨᠡᠮᠡᠭᠳᠡᠭᠦᠯᠬᠦ ᠨᠢᠭᠡ ᠪᠦᠯᠦᠭ | ᠵᠠᠩᠭᠢᠯᠠᠭ᠎ᠠ ᠶᠢᠨ ᠮᠡᠷᠭᠡᠵᠢᠯ ᠤᠳ ᠢ ᠦᠷᠭᠦᠯᠵᠢᠯᠡᠨ ᠳᠡᠯᠭᠡᠷᠡᠭᠦᠯᠵᠦ᠂ ᠶᠡᠭᠡ ᠬᠡᠪᠴᠢᠶᠡᠲᠦ ᠪᠦᠬᠦᠯᠢ ᠪᠠᠶᠢᠭᠤᠯᠤᠮᠵᠢ ᠶᠢᠨ ᠳᠦᠷᠢᠮᠲᠦ ᠥᠨᠳᠥᠷ ᠤᠨᠠᠯᠲᠠ ᠲᠠᠢ | ᠨᠢᠭᠡ ᠪᠦᠯᠦᠭ ᠨᠡᠶᠢᠲᠡᠯᠢᠭ ᠵᠢᠱᠢᠶ᠎ᠡ ᠨᠦᠭᠦᠳ ᠢ ᠦᠷᠭᠦᠯᠵᠢᠯᠡᠨ ᠠᠭᠤᠳᠠᠯᠵᠤ᠂ ᠠᠮᠤ ᠲᠤᠰᠤᠨ ᠤ ᠨᠢᠭᠡᠴᠢ ᠲᠠᠯᠠᠪᠠᠢ ᠶᠢᠨ ᠤᠨᠠᠯᠲᠠ ᠶᠢᠨ ᠨᠢᠭᠤᠭᠳᠠᠮᠠᠯ | ᠬᠦᠴᠦᠨ ᠢ ᠪᠦᠬᠦ ᠲᠠᠯ᠎ᠠ ᠪᠠᠷ᠂ ᠪᠦᠬᠦ ᠶᠠᠪᠤᠴᠠ ᠳᠤ ᠠᠭᠤᠳᠠᠯᠤᠨ᠂ ︽ᠤᠯᠠᠨ ᠮᠡᠷᠭᠡᠵᠢᠯ ᠢ ᠬᠤᠷᠠᠮᠳᠤᠭᠤᠯᠵᠤ᠂ ᠶᠡᠭᠡ ᠬᠡᠪᠴᠢᠶ᠎ᠡ ᠪᠠᠷ ᠲᠦᠭᠡᠮᠡᠯᠵᠢᠭᠦᠯᠬᠦ︾ | ᠲᠡᠩᠴᠡᠭᠦᠷᠢᠲᠡᠢ ᠤᠨᠠᠯᠲᠠ ᠶᠢ ᠨᠡᠮᠡᠭᠳᠡᠭᠦᠯᠬᠦ ᠪᠠᠶᠢᠷᠢᠰᠢᠯ ᠢ ᠲᠦᠷᠭᠡᠨ ᠪᠦᠷᠢᠯᠳᠦᠭᠦᠯᠦᠨ᠎ᠡ᠃ | — ᠭᠤᠣᠯᠳᠠᠯᠭ᠎ᠠ ᠲᠠᠢ ᠣᠷᠣᠨ ᠪᠦᠰᠡ ᠶᠢ ᠠᠳᠬᠤᠨ᠎ᠠ᠃ ᠰᠢᠷ᠎ᠠ ᠪᠤᠷᠴᠠᠭ᠂ ᠡᠷᠳᠡᠨᠢ ᠰᠢᠰᠢ᠂ ᠪᠤᠭᠤᠳᠠᠢ᠂ ᠰᠢᠯᠢᠮᠳᠡᠭ ᠵᠡᠷᠭᠡ ᠳᠦᠷᠪᠡᠨ | ᠲᠠᠷᠢᠮᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤ ᠳᠤᠰᠤᠨ ᠤ ᠭᠤᠣᠯ ᠭᠠᠷᠤᠯᠲᠠ ᠶᠢᠨ ᠰᠢᠶᠠᠨ ᠳᠤ ᠪᠦᠬᠦᠯᠢ ᠪᠠᠶᠢᠭᠤᠯᠤᠮᠵᠢ ᠶᠢᠨ ᠳᠦᠷᠢᠮ ᠢᠶᠠᠷ | ᠠᠬᠢᠭᠤᠯᠤᠨ᠂ ᠨᠢᠭᠡᠴᠢ ᠲᠠᠯᠠᠪᠠᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠨᠡᠮᠡᠭᠳᠡᠭᠦᠯᠬᠦ ᠶᠢ ᠦᠷᠭᠦᠯᠵᠢᠯᠡᠨ ᠭᠦᠨᠵᠡᠭᠡᠢ ᠠᠬᠢᠭᠤᠯᠤᠨ᠎ᠠ᠃ | — ᠵᠢᠱᠢᠶ᠎ᠡ ᠦᠵᠡᠭᠦᠯᠵᠦ ᠳᠠᠶᠢᠴᠢᠯᠠᠬᠤ ᠶᠢ ᠠᠳᠬᠤᠨ᠎ᠠ᠃ ᠪᠦᠬᠦᠯᠢ ᠪᠠᠶᠢᠭᠤᠯᠤᠮᠵᠢ ᠶᠢᠨ ᠳᠦᠷᠢᠮ ᠢᠶᠠᠷ ᠰᠢᠶᠠᠨ ᠬᠢᠭᠡᠳ ᠭᠤᠣᠯᠳᠠᠯᠭ᠎ᠠ ᠲᠠᠢ | ᠲᠠᠷᠢᠮᠠᠯ ᠢ ᠠᠬᠢᠭᠤᠯᠬᠤ ᠶᠢᠨ ᠲᠣᠭᠤᠷᠢᠨ ᠳᠤ᠂ ︽ᠭᠤᠣᠯᠯᠠᠭᠴᠢ ᠲᠦᠷᠦᠯ ᠵᠦᠢᠯ᠂ ᠭᠤᠣᠯ ᠳᠡᠯᠭᠡᠷᠡᠭᠦᠯᠬᠦ ᠮᠡᠷᠭᠡᠵᠢᠯ᠂ ᠭᠤᠣᠯ ᠮᠠᠰᠢᠨ ᠤ ᠬᠡᠯᠪᠡᠷᠢ︾ ᠶᠢ | ᠲᠤᠪᠤᠶᠢᠯᠭᠠᠵᠦ᠂ ᠮᠡᠷᠭᠡᠵᠢᠯ ᠤᠨ ᠪᠣᠯᠪᠠᠰᠤᠷᠠᠯ᠂ ᠵᠢᠯᠣᠭᠤᠳᠤᠯᠭ᠎ᠠ ᠦᠢᠯᠡᠴᠢᠯᠡᠭᠡ ᠵᠡᠷᠭᠡ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ ᠨᠢᠭᠡ ᠪᠦᠯᠦᠭ | ᠬᠡᠪᠴᠢᠶᠡᠵᠢᠭᠦᠯᠦᠨ ᠳᠠᠷᠢᠬᠤ ᠭᠤᠣᠯ ᠴᠣᠭᠴᠠ ᠪᠠ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠶᠢ ᠪᠤᠶᠢᠵᠢᠭᠤᠯᠬᠤ ᠶᠢ ᠲᠡᠳᠬᠦᠨ ᠳᠡᠮᠵᠢᠵᠦ᠂ | ᠴᠡᠭ ᠢᠶᠠᠷ ᠨᠡᠶᠢᠳᠡᠮ ᠢ ᠳᠠᠶᠢᠴᠢᠯᠠᠨ ᠨᠢᠭᠡᠴᠢ ᠲᠠᠯᠠᠪᠠᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠨᠡᠮᠡᠭᠳᠡᠭᠦᠯᠬᠦ ᠶᠢ ᠠᠬᠢᠭᠤᠯᠤᠨ᠎ᠠ᠃ | — ᠮᠡᠷᠭᠡᠵᠢᠯ ᠢ ᠪᠣᠲᠠᠲᠠᠶᠢᠵᠢᠭᠤᠯᠬᠤ ᠶᠢ ᠠᠳᠬᠤᠨ᠎ᠠ᠃ ᠮᠡᠷᠭᠡᠵᠢᠯᠲᠡᠳ ᠤᠨ ᠪᠦᠯᠬᠦᠮ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠪᠤᠷᠢ | ᠠᠩᠭᠢ ᠶᠢ ᠵᠣᠬᠢᠶᠠᠨ ᠪᠠᠶᠢᠭᠤᠯᠵᠤ᠂ ᠴᠢᠬᠤᠯᠠ ᠲᠠᠷᠢᠶᠠᠯᠠᠩ ᠤᠨ ᠴᠠᠭ ᠤᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠭᠤᠭᠴᠤᠭ᠎ᠠ ᠪᠠ ᠲᠦᠷᠦᠯ | ᠵᠦᠢᠯ ᠬᠤᠪᠢᠶᠠᠨ ᠪᠠᠶᠢᠴᠠᠭᠠᠨ ᠰᠣᠳᠣᠯᠵᠤ ᠵᠢᠭᠠᠨ ᠵᠢᠯᠤᠭᠤᠳᠤᠨ᠎ᠠ︔ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ | ᠳᠠᠪᠠᠭᠤᠯᠢᠭ ᠢ ᠪᠠᠳᠠᠷᠠᠭᠤᠯᠵᠤ᠂ ᠲᠠᠷᠢᠮᠠᠯ ᠪᠠ ᠣᠷᠣᠨ ᠪᠦᠰᠡ ᠬᠤᠪᠢᠶᠠᠨ ᠪᠣᠯᠪᠠᠰᠤᠷᠠᠭᠤᠯᠬᠤ ᠲᠥᠯᠥᠪᠯᠡᠭᠡ ᠶᠢ ᠳᠣᠭᠲᠠᠭᠠᠨ᠂ ᠵᠠᠩᠭᠢᠯᠠᠭ᠎ᠠ ᠶᠢᠨ ᠮᠡᠷᠭᠡᠵᠢᠯ ᠢ | ᠪᠣᠳᠠᠲᠠᠶᠢᠵᠢᠭᠤᠯᠬᠤ ᠨᠤᠷᠮ᠎ᠠ ᠶᠢ ᠳᠡᠭᠡᠭᠰᠢᠯᠡᠭᠦᠯᠦᠨ᠎ᠡ᠃ | ᠨᠢᠭᠡᠴᠢ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ᠃ ᠡᠨᠡ ᠵᠢᠯ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠨᠢ ᠡᠳ᠋ ᠤᠨ ᠵᠠᠰᠠᠭ ᠤᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ᠂ ᠠᠮᠤ | ᠪᠤᠳᠠᠭᠠᠨ ᠤ ᠨᠢᠭᠡᠴᠢ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ ᠢᠨᠵᠧᠨᠧᠷᠢᠩ᠂ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠪᠦᠲᠦᠮᠵᠢᠲᠡᠶ | ᠠᠵᠢᠯᠯᠠᠭ᠎ᠠ᠂ ᠠᠮᠤ ᠲᠣᠰᠣᠨ ᠤ ᠬᠡᠪᠴᠢᠶᠡᠲᠦ ᠲᠠᠷᠢᠮᠠᠯ ᠤᠨ ᠭᠤᠣᠯ ᠴᠣᠭᠴᠠ ᠶᠢᠨ ᠨᠢᠭᠡᠴᠢ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ ᠠᠵᠢᠯᠯᠠᠭ᠎ᠠ | ᠵᠡᠷᠭᠡ ᠶᠢᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠡᠯ᠎ᠡ ᠭᠠᠵᠠᠷ ᠤᠨ ᠨᠢᠭᠡᠴᠢ ᠲᠠᠯᠠᠪᠠᠢ ᠶᠢᠨ ᠤᠨᠠᠯᠲᠠ ᠪᠠᠨ ᠶᠡᠭᠡ ᠬᠡᠪᠴᠢᠶ᠎ᠡ ᠪᠠᠷ | ᠨᠡᠮᠡᠭᠳᠡᠭᠦᠯᠬᠦ ᠶᠢ ᠨᠢ ᠳᠡᠮᠵᠢᠨ᠎ᠡ᠃ ᠡᠭᠦᠨ ᠤ ᠬᠠᠮᠲᠤ᠂ ᠲᠠᠷᠢᠶᠠᠯᠠᠩ ᠬᠥᠳᠡᠭᠡ ᠲᠣᠰᠬᠤᠨ ᠤ ᠰᠢᠰᠲ᠋ᠧᠮᠲᠦ ᠬᠦᠴᠦᠨ ᠢ ᠨᠡᠶᠢᠳᠬᠡᠵᠦ ᠶᠡᠭᠡ ᠬᠠᠮᠵᠢᠯᠴᠠᠭ᠎ᠠ᠂ | ᠶᠡᠭᠡ ᠪᠡᠷᠬᠡ ᠰᠢᠢᠳᠪᠦᠷᠢᠯᠡᠯᠲᠡ ᠶᠢ ᠥᠷᠨᠢᠭᠦᠯᠦᠨ᠂ ᠡᠬᠢ ᠪᠠᠶᠠᠯᠢᠭ ᠪᠠ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠪᠣᠲᠠᠲᠠᠶᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠪᠣᠯᠣᠨ᠎ᠠ᠃ | |