ᠰᠢ ᠶᠢᠨ ᠫᠢᠩ ᠮᠠ ᠶᠢᠩ ᠵᠢᠦ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/11
    ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ 10 ᠤ ᠦᠳᠡ ᠶᠢᠨ ᠬᠤᠶᠢᠨ᠎ᠠ ᠪᠡᠭᠡᠵᠢᠩ ᠳᠤ ᠮᠠ ᠶᠢᠩ ᠵᠢᠦ ᠨᠠᠷ ᠲᠠᠢ ᠠᠭᠤᠯᠵᠠᠪᠠ᠃   

4.11.1.1.jpg

    4 ᠰᠠᠷ᠎ᠠ ᠶᠢᠨ 10 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠪᠡᠭᠡᠵᠢᠩ ᠳᠤ ᠮᠠ ᠶᠢᠩ ᠵᠢᠦ

ᠨᠠᠷ ᠲᠠᠢ ᠠᠭᠤᠯᠵᠠᠪᠠ᠃

    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ᠃ 

   

    ᠰᠢ ᠶᠢᠨ ᠫᠢᠩ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠴᠥᠮ ᠳᠤᠮᠳᠠᠳᠤ ᠶᠢᠨ ᠦᠨᠳᠦᠰᠦᠲᠡᠨ ᠳᠤ ᠬᠠᠷᠢᠶᠠᠯᠠᠭᠳᠠᠨ᠎ᠠ᠃

ᠳᠤᠮᠳᠠᠳᠤ ᠶᠢᠨ ᠦᠨᠳᠦᠰᠦᠲᠡᠨ ᠪᠣᠯ ᠳᠡᠯᠡᠬᠡᠢ ᠳᠡᠭᠡᠷᠡᠬᠢ ᠠᠭᠤᠤ ᠶᠡᠭᠡ ᠦᠨᠳᠦᠰᠦᠲᠡᠨ ᠪᠠᠶᠢᠵᠤ᠂ ᠥᠨᠢ ᠤᠳᠠᠭᠠᠨ ᠤᠯᠠᠮᠵᠢᠯᠠᠯ ᠲᠠᠢ᠂ ᠭᠡᠷᠡᠯ

ᠰᠠᠴᠤᠷᠠᠩᠭᠤᠢ ᠪᠥᠭᠡᠳ ᠳᠡᠯᠡᠬᠡᠢ ᠳ᠋ᠠᠬᠢᠨ ᠳᠤ ᠬᠤᠣᠰ ᠦᠭᠡᠢ ᠳᠤᠮᠳᠠᠳᠤ ᠶᠢᠨ ᠪᠣᠯᠪᠠᠰᠤᠨ ᠢ ᠡᠭᠦᠳᠦᠨ ᠪᠦᠲᠦᠭᠡᠭᠰᠡᠨ ᠶᠤᠮ᠂ ᠳᠤᠮᠳᠠᠳᠤ ᠶᠢᠨ ᠬᠥᠪᠡᠭᠦᠳ

ᠥᠬᠢᠳ ᠨᠢᠭᠡ ᠪᠦᠷᠢ ᠴᠥᠮ ᠡᠭᠦᠨ ᠤ ᠲᠥᠯᠥᠭᠡ ᠣᠮᠣᠭᠰᠢᠳᠠᠭ ᠪᠥᠭᠡᠳ ᠢᠷᠠᠭᠤ ᠠᠯᠳᠠᠷ ᠲᠠᠢ ᠰᠠᠨᠠᠭᠳᠠᠳᠠᠭ᠃ ᠳᠤᠮᠳᠠᠳᠤ ᠶᠢᠨ ᠦᠨᠳᠦᠰᠦᠲᠡᠨ ᠤ

5000 ᠭᠠᠷᠤᠢ ᠵᠢᠯ ᠤᠨ ᠤᠷᠲᠤ ᠤᠳᠠᠭᠠᠨ ᠲᠡᠦᠬᠡᠨ ᠳᠤ ᠦᠶ᠎ᠡ ᠦᠶ᠎ᠡ ᠶᠢᠨ ᠡᠪᠦᠭᠡ ᠳᠡᠭᠡᠳᠦᠰ ᠲᠠᠶᠢᠸᠠᠨ ᠳᠤ ᠨᠡᠭᠦᠳᠡᠯᠯᠡᠨ ᠰᠠᠭᠤᠷᠢᠰᠢᠵᠤ᠂ ᠤᠳᠤᠮ

ᠤᠭᠰᠠᠭ᠎ᠠ ᠵᠠᠯᠭᠠᠵᠤ ᠠᠮᠢᠳᠤᠷᠠᠭᠰᠠᠨ ᠢ ᠲᠡᠮᠳᠡᠭᠯᠡᠵᠦ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠭᠠᠳᠠᠭᠠᠳᠤ ᠶᠢᠨ ᠳᠠᠷᠤᠯᠠᠯ ᠢ

ᠬᠠᠮᠲᠤ ᠪᠠᠷ ᠡᠰᠡᠷᠭᠦᠴᠡᠵᠦ᠂ ᠲᠠᠶᠢᠸᠠᠨ ᠢ ᠰᠡᠷᠭᠦᠭᠡᠨ ᠮᠠᠨᠳᠤᠭᠤᠯᠤᠭᠰᠠᠨ ᠢ ᠲᠡᠮᠳᠡᠭᠯᠡᠵᠡᠢ᠃ ᠳᠤᠮᠳᠠᠳᠤ ᠶᠢᠨ ᠦᠨᠳᠦᠰᠦᠲᠡᠨ ᠶᠡᠷᠦ ᠠᠴᠠ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠰᠠᠯᠵᠤ ᠪᠣᠯᠣᠰᠢ ᠦᠭᠡᠢ ᠲᠡᠦᠬᠡ ᠶᠢ ᠪᠢᠴᠢᠭᠯᠡᠵᠦ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ

ᠨᠠᠷ ᠤᠨ ᠴᠢᠰᠤ ᠮᠢᠬᠠᠨ ᠤ ᠪᠠᠷᠢᠯᠳᠤᠯᠭ᠎ᠠ ᠲᠠᠢ ᠲᠡᠦᠬᠡ ᠶᠢᠨ ᠪᠣᠳᠠᠲᠤ ᠬᠡᠷᠡᠭ ᠢ ᠰᠡᠶᠢᠯᠦᠭᠰᠡᠨ ᠶᠤᠮ᠃

    ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠣᠯ ᠴᠥᠮ ᠳᠤᠮᠳᠠᠳᠤ ᠤᠯᠤᠰ ᠤᠨ ᠬᠥᠮᠥᠨ ᠮᠥᠨ᠂ ᠶᠠᠮᠠᠷ ᠴᠤ ᠠᠯᠳᠠᠷᠠᠭᠠᠵᠤ

ᠲᠠᠶᠢᠯᠭᠦ ᠦᠭᠡᠢ ᠰᠡᠳᠬᠢᠯ ᠤᠨ ᠵᠠᠩᠭᠢᠷᠠᠭ᠎ᠠ ᠭᠡᠵᠦ ᠪᠠᠶᠢᠳᠠᠭ ᠦᠭᠡᠢ᠂ ᠶᠠᠮᠠᠷ ᠴᠤ ᠵᠥᠪᠳᠡᠯᠴᠡᠵᠦ ᠲᠠᠶᠢᠯᠭᠦ ᠦᠭᠡᠢ ᠠᠰᠠᠭᠤᠳᠠᠯ ᠭᠡᠵᠦ ᠪᠠᠶᠢᠳᠠᠭ ᠦᠭᠡᠢ᠂

ᠶᠠᠮᠠᠷ ᠴᠤ ᠬᠦᠴᠦᠨ ᠭᠡᠳ ᠪᠢᠳᠡᠨ ᠢ ᠰᠠᠯᠭᠠᠵᠤ ᠳᠡᠶᠢᠯᠭᠦ ᠦᠭᠡᠢ ᠶᠤᠮ᠃ ᠳᠠᠯᠠᠢ ᠶᠢᠨ ᠬᠤᠭᠤᠯᠠᠢ ᠶᠢᠨ ᠬᠤᠭᠤᠷᠣᠨᠳᠣᠭᠢ ᠵᠠᠢ ᠨᠢ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠴᠢᠰᠤ ᠮᠢᠬᠠᠨ ᠤ ᠪᠠᠷᠢᠯᠳᠤᠯᠭ᠎ᠠ ᠶᠢ ᠲᠠᠰᠤᠯᠵᠤ ᠲᠠᠶᠢᠯᠭᠦ ᠦᠭᠡᠢ ᠶᠤᠮ᠃ ᠪᠠᠶᠢᠭᠤᠯᠤᠯ ᠤᠨ

ᠠᠳᠠᠯᠢ ᠪᠤᠰᠤ ᠨᠢ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠢᠨ ᠴᠥᠮ ᠨᠢᠭᠡ ᠤᠯᠤᠰ᠂ ᠨᠢᠭᠡ ᠦᠨᠳᠦᠰᠦᠲᠡᠨ ᠳᠤ ᠬᠠᠷᠢᠶᠠᠯᠠᠭᠳᠠᠬᠤ ᠪᠤᠰᠤᠳᠴᠢ

ᠪᠣᠳᠠᠲᠤ ᠬᠡᠷᠡᠭ ᠢ ᠬᠤᠪᠢᠷᠠᠭᠤᠯᠵᠤ ᠴᠢᠳᠠᠬᠤ ᠦᠭᠡᠢ ᠶᠤᠮ᠃ ᠭᠠᠳᠠᠭᠠᠳᠤ ᠶᠢᠨ ᠭᠠᠷ ᠳᠦᠷᠦᠯᠲᠡ ᠨᠢ ᠤᠯᠤᠰ ᠭᠡᠷ ᠢᠶᠠᠷ ᠢᠶᠠᠨ ᠪᠦᠯᠬᠦᠮᠳᠡᠨ ᠨᠢᠭᠡᠳᠬᠦ

ᠲᠡᠦᠬᠡ ᠶᠢᠨ ᠶᠡᠭᠡ ᠬᠠᠨᠳᠤᠰᠢ ᠶᠢ ᠬᠤᠷᠢᠭᠯᠠᠵᠤ ᠴᠢᠳᠠᠬᠤ ᠦᠭᠡᠢ ᠶᠤᠮ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠶᠠᠪᠤᠵᠤ

ᠢᠷᠡᠭᠰᠡᠨ ᠵᠠᠮ ᠲᠤᠷᠰᠢ ᠢᠮᠠᠭᠲᠠ ᠤᠳᠤᠮ ᠤᠯᠠᠮᠵᠢᠯᠠᠯ ᠨᠢᠭᠡᠲᠡᠢ ᠪᠠᠶᠢᠵᠤ᠂ ᠰᠡᠳᠬᠢᠯ ᠵᠢᠷᠦᠬᠡ ᠪᠠᠨ ᠬᠤᠯᠪᠣᠵᠤ᠂ ᠰᠠᠬᠢᠨ ᠪᠠᠷᠠᠯᠠᠵᠤ ᠬᠠᠷᠢᠯᠴᠠᠨ

ᠬᠠᠪᠰᠤᠷᠤᠯᠴᠠᠵᠤ ᠢᠷᠡᠭᠰᠡᠨ ᠶᠤᠮ᠃

    ᠵᠠᠯᠠᠭᠤᠴᠤᠳ ᠪᠣᠯ ᠤᠯᠤᠰ ᠣᠷᠣᠨ ᠤ ᠬᠦᠰᠡᠯ ᠡᠷᠡᠮᠡᠯᠵᠡᠯ᠂ ᠦᠨᠳᠦᠰᠦᠲᠡᠨ ᠤ ᠢᠷᠡᠭᠡᠳᠦᠢ ᠮᠥᠨ᠃ ᠲᠠᠶᠢᠸᠠᠨ ᠬᠤᠭᠤᠯᠠᠢ ᠶᠢᠨ ᠬᠤᠶᠠᠷ

ᠬᠥᠪᠡᠭᠡᠨ ᠤ ᠵᠠᠯᠠᠭᠤᠴᠤᠳ ᠰᠠᠶᠢᠨ ᠪᠠᠶᠢᠪᠠᠯ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠢᠷᠡᠭᠡᠳᠦᠢ ᠰᠠᠶ᠋ᠢ ᠰᠠᠶᠢᠨ ᠪᠠᠶᠢᠵᠤ ᠴᠢᠳᠠᠨ᠎ᠠ᠃ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠵᠠᠯᠠᠭᠤᠴᠤᠳ ᠳᠤᠮᠳᠠᠳᠤ ᠤᠯᠤᠰ ᠤᠨ ᠬᠥᠮᠥᠨ ᠪᠣᠯᠤᠭᠰᠠᠨ ᠤ ᠡᠷᠴᠢ ᠵᠣᠷᠢᠭ᠂ ᠰᠥᠰᠥ ᠵᠣᠷᠢᠭ᠂ ᠢᠲᠡᠭᠡᠯ

ᠵᠣᠷᠢᠭ ᠢᠶᠠᠨ ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠤ ᠪᠤᠶᠠᠨ ᠵᠢᠷᠭᠠᠯ ᠢ ᠬᠠᠮᠲᠤ ᠪᠠᠷ ᠡᠭᠦᠳᠴᠦ᠂ ᠳᠤᠮᠳᠠᠳᠤ ᠶᠢᠨ

ᠦᠨᠳᠦᠰᠦᠲᠡᠨ ᠤ ᠲᠡᠦᠬᠡ ᠶᠢᠨ ᠰᠢᠨ᠎ᠡ ᠭᠡᠷᠡᠯ ᠰᠠᠴᠤᠷᠠᠩᠭᠤᠢ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

    ᠰᠢ ᠶᠢᠨ ᠫᠢᠩ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠣᠯ ᠬᠠᠮᠲᠤ ᠶᠢᠨ ᠤᠳᠤᠮ ᠤᠯᠠᠮᠵᠢᠯᠠᠯ ᠲᠠᠢ᠂ ᠬᠠᠮᠲᠤ ᠶᠢᠨ

ᠰᠣᠶᠣᠯ᠂ ᠬᠠᠮᠲᠤ ᠶᠢᠨ ᠲᠡᠦᠬᠡ ᠲᠠᠢ ᠶᠤᠮ᠂ ᠨᠠᠩ ᠴᠢᠬᠤᠯᠠ ᠨᠢ ᠪᠢᠳᠡ ᠦᠨᠳᠦᠰᠦᠲᠡᠨ ᠳᠡᠭᠡᠨ ᠬᠠᠮᠲᠤ ᠶᠢᠨ ᠬᠠᠷᠢᠭᠤᠴᠠᠯᠭ᠎ᠠ ᠲᠠᠢ᠂ ᠢᠷᠡᠭᠡᠳᠦᠢ ᠳᠡᠭᠡᠨ

ᠬᠠᠮᠲᠤ ᠶᠢᠨ ᠬᠦᠰᠡᠯ ᠡᠷᠡᠮᠡᠯᠵᠡᠯ ᠲᠠᠢ ᠪᠠᠶᠢᠬᠤ ᠶᠠᠪᠤᠳᠠᠯ ᠪᠣᠯᠣᠨ᠎ᠠ᠃ ᠪᠢᠳᠡ ᠳᠤᠮᠳᠠᠳᠤ ᠶᠢᠨ ᠦᠨᠳᠦᠰᠦᠲᠡᠨ ᠤ ᠪᠦᠬᠦᠯᠢ ᠴᠣᠭᠴᠠ ᠶᠢᠨ ᠠᠰᠢᠭ ᠲᠤᠰᠠ

ᠪᠣᠯᠣᠨ ᠠᠯᠤᠰ ᠭᠡᠳᠤ ᠶᠢᠨ ᠬᠥᠭᠵᠢᠯᠲᠡ ᠠᠴᠠ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭᠠᠨ ᠤ ᠶᠡᠭᠡ ᠲᠠᠯ᠎ᠠ ᠶᠢ ᠡᠵᠡᠮᠳᠡᠬᠦ ᠬᠡᠷᠡᠭᠲᠡᠢ᠃

    ᠨᠢᠭᠡᠳᠦᠭᠡᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠭᠡᠷ ᠣᠷᠣᠨ ᠢ ᠡᠷᠡᠰ ᠰᠠᠬᠢᠨ ᠬᠠᠮᠠᠭᠠᠯᠠᠬᠤ ᠬᠡᠷᠡᠭᠲᠡᠢ᠃ ᠳᠤᠮᠳᠠᠳᠤ ᠶᠢᠨ

ᠦᠨᠳᠦᠰᠦᠲᠡᠨ᠂ ᠳᠤᠮᠳᠠᠳᠤ ᠶᠢᠨ ᠪᠣᠯᠪᠠᠰᠤᠨ ᠬᠡᠳᠦᠨ ᠮᠢᠩᠭᠠᠨ ᠵᠢᠯ ᠤᠨ ᠲᠤᠷᠰᠢ ᠤᠯᠠᠷᠢᠨ ᠬᠤᠪᠢᠰᠤᠯᠲᠠ ᠶᠢ ᠥᠩᠭᠡᠷᠡᠭᠡᠵᠦ᠂ ᠬᠠᠯᠠ ᠵᠣᠪᠠᠯᠠᠩ ᠢ

ᠬᠠᠰᠢᠷᠠᠲᠠᠯ᠎ᠠ ᠠᠮᠰᠠᠭᠰᠠᠨ ᠪᠤᠯᠪᠠᠴᠤ ᠦᠶ᠎ᠡ ᠶᠢᠨ ᠦᠶ᠎ᠡ ᠪᠠᠷ ᠣᠷᠣᠰᠢᠨ ᠲᠣᠭᠲᠠᠨᠢᠵᠤ᠂ ᠲᠠᠰᠤᠷᠠᠯᠳᠠ ᠦᠭᠡᠢ ᠦᠷᠭᠦᠯᠵᠢᠯᠡᠭᠰᠡᠨ ᠤ ᠵᠠᠩᠭᠢᠯᠠᠭ᠎ᠠ ᠨᠢ

ᠳᠤᠮᠳᠠᠳᠤ ᠶᠢᠨ ᠦᠨᠳᠦᠰᠦᠲᠡᠨ ᠳᠤ ᠢᠮᠠᠭᠲᠠ ᠤᠯᠤᠰ ᠤᠨ ᠨᠤᠲᠤᠭ ᠳᠡᠪᠢᠰᠬᠡᠷ ᠢ ᠰᠠᠯᠭᠠᠵᠤ ᠪᠤᠯᠬᠤ ᠦᠭᠡᠢ᠂ ᠤᠯᠤᠰ ᠣᠷᠣᠨ ᠢ ᠰᠠᠮᠠᠭᠤᠷᠠᠭᠤᠯᠵᠤ

ᠪᠤᠯᠬᠤ ᠦᠭᠡᠢ᠂ ᠦᠨᠳᠦᠰᠦᠲᠡᠨ ᠢ ᠰᠠᠷᠨᠢᠭᠤᠯᠵᠤ ᠪᠤᠯᠬᠤ ᠦᠭᠡᠢ᠂ ᠪᠣᠯᠪᠠᠰᠤᠨ ᠢ ᠲᠠᠰᠤᠯᠳᠠᠭᠤᠯᠵᠤ ᠪᠤᠯᠬᠤ ᠦᠭᠡᠢ ᠭᠡᠰᠡᠨ ᠬᠠᠮᠲᠤ ᠶᠢᠨ ᠢᠲᠡᠭᠡᠯ

ᠵᠣᠷᠢᠭ ᠲᠠᠢ ᠪᠠᠶᠢᠳᠠᠭ ᠲᠤ ᠣᠷᠣᠰᠢᠨ᠎ᠠ᠃ ᠨᠢᠭᠡᠨ ᠡᠷᠡᠰ ᠴᠢᠩᠭ᠎ᠠ ᠨᠢᠭᠡᠳᠦᠭᠰᠡᠨ ᠤᠯᠤᠰ ᠪᠣᠯ ᠢᠮᠠᠭᠲᠠ ᠲᠠᠶᠢᠸᠠᠨ ᠤ ᠠᠬ᠎ᠠ ᠳᠡᠭᠦᠦ ᠨᠠᠷ ᠢ ᠪᠠᠭᠲᠠᠭᠠᠭᠰᠠᠨ

ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠬᠤᠪᠢ ᠵᠠᠶᠠᠭ᠎ᠠ ᠲᠠᠢ ᠬᠤᠯᠪᠣᠭᠳᠠᠵᠤ ᠪᠠᠶᠢᠳᠠᠭ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ

ᠳᠡᠭᠦᠦ ᠨᠠᠷ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠪᠠ ᠭᠠᠳᠠᠭᠠᠳᠤ ᠶᠢᠨ ᠬᠦᠴᠦᠨ ᠤ ᠭᠠᠷ ᠲᠦᠷᠦᠭᠦ ᠶᠢ ᠡᠷᠡᠰ

ᠡᠰᠡᠷᠭᠦᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠭᠡᠷ ᠣᠷᠣᠨ ᠢᠶᠠᠨ ᠡᠷᠡᠰ ᠰᠠᠬᠢᠨ ᠬᠠᠮᠠᠭᠠᠯᠠᠵᠤ᠂ ᠨᠠᠶᠢᠷᠠᠮᠳᠠᠯ ᠢᠶᠠᠷ ᠨᠢᠭᠡᠳᠬᠡᠬᠦ ᠰᠠᠶᠢᠨ

ᠰᠠᠶᠢᠬᠠᠨ ᠢᠷᠡᠭᠡᠳᠦᠢ ᠶᠢ ᠬᠠᠮᠲᠤ ᠪᠠᠷ ᠬᠥᠭᠡᠭᠡᠴᠡᠯᠳᠦᠨ᠂ ᠳᠤᠮᠳᠠᠳᠤ ᠶᠢᠨ ᠦᠨᠳᠦᠰᠦᠲᠡᠨ ᠤ ᠬᠤᠪᠢ ᠵᠠᠶᠠᠭ᠎ᠠ ᠶᠢ ᠳᠤᠮᠳᠠᠳᠤᠴᠤᠳ ᠤᠨ ᠥᠪᠡᠷ ᠤᠨ ᠬᠢᠨᠢ

ᠭᠠᠷ ᠲᠤ ᠪᠠᠲᠤ ᠡᠵᠡᠮᠰᠢᠭᠦᠯᠬᠦ ᠬᠡᠷᠡᠭᠲᠡᠢ᠃

    ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠴᠥᠮ ᠭᠡᠷ ᠣᠷᠣᠨ ᠨᠢ ᠡᠩᠬᠡ ᠲᠠᠶᠢᠪᠤᠩ ᠠᠮᠤᠷ ᠠᠮᠤᠭᠤᠯᠠᠩ᠂ ᠭᠡᠷ

ᠪᠦᠯᠢ ᠪᠠᠷ ᠢᠶᠠᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠬᠦᠰᠡᠨ ᠡᠷᠡᠮᠡᠯᠵᠡᠵᠦ ᠪᠠᠶᠢᠳᠠᠭ᠂ ᠡᠶᠢᠮᠦ ᠠᠴᠠ ᠡᠷᠬᠡᠪᠰᠢ ᠲᠠᠶᠢᠸᠠᠨ ᠬᠤᠭᠤᠯᠠᠢ ᠶᠢᠨ

ᠬᠤᠶᠠᠷ ᠬᠥᠪᠡᠭᠡᠨ ᠤ ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠂ ᠵᠠᠩᠭᠢᠯᠠᠭ᠎ᠠ ᠨᠢ ᠨᠢᠭᠡ ᠳᠤᠮᠳᠠᠳᠤ ᠤᠯᠤᠰ ᠪᠠᠶᠢᠬᠤ

ᠵᠠᠷᠴᠢᠮ ᠢ ᠢᠯᠡᠷᠡᠭᠦᠯᠦᠭᠰᠡᠨ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠬᠤ ᠳᠤ ᠪᠤᠢ᠂ ᠭᠤᠣᠯᠳᠠᠯᠭ᠎ᠠ ᠨᠢ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠬᠢᠨ ᠪᠣᠯ ᠨᠢᠭᠡ ᠤᠯᠤᠰ᠂ ᠨᠢᠭᠡ ᠦᠨᠳᠦᠰᠦᠲᠡᠨ ᠳᠤ ᠬᠠᠷᠢᠶᠠᠯᠠᠭᠳᠠᠬᠤ ᠦᠨᠳᠦᠰᠦᠨ ᠪᠣᠳᠠᠲᠤ ᠬᠡᠷᠡᠭ ᠤᠨ ᠲᠤᠬᠠᠢ

ᠬᠠᠮᠲᠤ ᠶᠢᠨ ᠲᠠᠨᠢᠯᠲᠠ ᠲᠠᠢ ᠪᠠᠶᠢᠬᠤ ᠳᠤ ᠪᠤᠢ᠃ ᠤᠯᠤᠰ ᠣᠷᠣᠨ ᠢ ᠬᠠᠭᠠᠴᠠᠭᠤᠯᠬᠤ ᠦᠭᠡᠢ ᠯᠡ ᠶᠤᠮ ᠪᠣᠯ᠂ ᠲᠠᠶᠢᠸᠠᠨ ᠬᠤᠭᠤᠯᠠᠢ ᠶᠢᠨ ᠬᠤᠶᠠᠷ

ᠬᠥᠪᠡᠭᠡᠨ ᠤ ᠬᠢᠨ ᠴᠥᠮ ᠳᠤᠮᠳᠠᠳᠤ ᠤᠯᠤᠰ ᠤᠨ ᠬᠥᠮᠥᠨ᠂ ᠨᠢᠭᠡ ᠭᠡᠷ ᠤᠨ ᠬᠥᠮᠥᠨ ᠮᠥᠨ ᠭᠡᠳᠡᠭ ᠢ ᠮᠡᠳᠡᠷᠡᠳᠡᠭ ᠯᠡ ᠶᠤᠮ ᠪᠣᠯ᠂ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠬᠠᠮᠲᠤ ᠰᠠᠭᠤᠯᠴᠠᠵᠤ᠂ ᠭᠡᠷ ᠤᠨ ᠬᠥᠮᠥᠰ ᠤᠨ ᠤᠴᠢᠷ ᠢᠶᠠᠨ ᠤᠷᠢᠳ ᠢᠶᠠᠷ ᠬᠠᠷᠢᠯᠴᠠᠵᠤ

ᠰᠠᠨᠠᠯ ᠢᠶᠠᠨ ᠰᠣᠯᠢᠯᠴᠠᠵᠤ᠂ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠵᠦ᠂ ᠢᠲᠡᠭᠡᠯᠴᠡᠭᠡ ᠪᠠᠨ ᠨᠡᠮᠡᠭᠳᠡᠭᠦᠯᠵᠦ᠂ ᠵᠥᠷᠢᠴᠡᠯ ᠢ ᠠᠷᠢᠯᠭᠠᠵᠤ᠂ ᠬᠠᠮᠲᠤ ᠶᠢᠨ

ᠲᠠᠨᠢᠯᠲᠠ ᠪᠠᠨ ᠡᠷᠢᠯᠬᠢᠯᠡᠵᠦ ᠪᠦᠷᠢᠮᠦᠰᠦᠨ ᠪᠤᠯᠬᠤ ᠶᠤᠮ᠃

    ᠬᠤᠶᠠᠳᠤᠭᠠᠷ ᠲᠤ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠪᠤᠶᠠᠨ ᠵᠢᠷᠭᠠᠯ ᠢ ᠡᠷᠡᠰ ᠪᠠᠲᠤ ᠬᠠᠮᠲᠤ ᠪᠠᠷ ᠴᠣᠭᠴᠠᠯᠠᠬᠤ ᠬᠡᠷᠡᠭᠲᠡᠢ᠃

ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠲᠤ ᠪᠤᠶᠠᠨ ᠵᠢᠷᠭᠠᠯ ᠣᠯᠭᠤᠬᠤ ᠪᠣᠯ ᠪᠢᠳᠡᠨ ᠤ ᠲᠠᠶᠢᠸᠠᠨ ᠬᠤᠭᠤᠯᠠᠢ ᠶᠢᠨ ᠬᠤᠶᠠᠷ

ᠬᠥᠪᠡᠭᠡᠨ ᠤ ᠬᠠᠷᠢᠴᠠᠭ᠎ᠠ ᠶᠢ ᠬᠥᠭᠵᠢᠭᠦᠯᠬᠦ ᠶᠢᠨ ᠵᠣᠷᠢᠯᠲᠠ ᠪᠠ ᠲᠤᠰᠤᠯᠲᠠ ᠮᠥᠨ᠃ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠤ ᠪᠤᠶᠠᠨ

ᠵᠢᠷᠭᠠᠯ ᠢ ᠬᠠᠮᠲᠤ ᠪᠠᠷ ᠴᠣᠭᠴᠠᠯᠠᠬᠤ ᠬᠠᠷᠠᠯᠲᠠ ᠮᠠᠰᠢ ᠠᠤᠭ᠎ᠠ ᠶᠡᠭᠡ᠂ ᠮᠠᠰᠢ ᠪᠣᠷᠣᠭᠵᠢᠭᠤᠨ ᠶᠤᠮ᠂ ᠡᠴᠦᠰ ᠤᠨ ᠡᠴᠦᠰ ᠲᠡᠭᠡᠨ ᠲᠠᠶᠢᠸᠠᠨ

ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠵᠦ᠂ ᠲᠠᠶᠢᠸᠠᠨ ᠤ ᠠᠬ᠎ᠠ

ᠳᠡᠭᠦᠦ ᠨᠠᠷ ᠢ ᠪᠠᠭᠲᠠᠭᠠᠭᠰᠠᠨ ᠪᠦᠭᠦ ᠳᠤᠮᠳᠠᠳᠤᠴᠤᠳ ᠢ ᠨᠡᠩ ᠰᠠᠶᠢᠨ ᠰᠠᠶᠢᠬᠠᠨ ᠠᠮᠢᠳᠤᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ

ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠶᠠᠪᠤᠳᠠᠯ ᠪᠣᠯᠣᠨ᠎ᠠ᠃ ᠪᠢᠳᠡ ᠡᠬᠡ ᠬᠠᠭᠤᠷᠠᠢ ᠶᠢᠨ 14 ᠳ᠋ᠦᠩᠰᠢᠭᠤᠷ

ᠭᠠᠷᠤᠢ ᠠᠬ᠎ᠠ ᠳᠡᠭᠦᠦ ᠨᠠᠷ ᠢᠶᠠᠨ ᠳᠠᠭᠠᠭᠤᠯᠤᠨ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠴᠢᠳᠠᠪᠤᠷᠢ ᠲᠠᠢ ᠪᠥᠭᠡᠳ ᠲᠠᠶᠢᠸᠠᠨ ᠤ ᠠᠬ᠎ᠠ ᠳᠡᠭᠦᠦ ᠨᠠᠷ ᠲᠠᠢ

ᠬᠠᠮᠲᠤ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠬᠤ ᠪᠦᠷᠢᠨ ᠴᠢᠳᠠᠪᠤᠷᠢ ᠲᠠᠢ ᠶᠤᠮ᠃

    ᠪᠢᠳᠡ ᠢᠮᠠᠭᠲᠠ ᠲᠠᠶᠢᠸᠠᠨ ᠤ ᠠᠬ᠎ᠠ ᠳᠡᠭᠦᠦ ᠨᠠᠷ ᠤᠨ ᠪᠤᠶᠠᠨ ᠵᠢᠷᠭᠠᠯ ᠢ ᠪᠣᠳᠣᠯᠬᠢᠯᠠᠵᠤ᠂ ᠡᠩ ᠲᠡᠷᠢᠭᠦᠨ ᠳᠤ ᠲᠠᠶᠢᠸᠠᠨ ᠤ ᠠᠬ᠎ᠠ ᠳᠡᠭᠦᠦ ᠨᠠᠷ ᠲᠠᠢ

ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠠᠵᠠ ᠲᠣᠭᠢᠶᠠᠯ ᠢ ᠬᠤᠪᠢᠶᠠᠯᠴᠠᠵᠤ᠂ ᠡᠬᠡ ᠤᠯᠤᠰ ᠤᠨ ᠡᠬᠡ

ᠬᠠᠭᠤᠷᠠᠢ ᠶᠢᠨ ᠬᠥᠭᠵᠢᠯᠲᠡ ᠲᠠᠪᠰᠢᠯᠳᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ᠂ ᠢᠳᠡᠪᠬᠢᠲᠡᠢ ᠪᠠᠷ ᠲᠠᠶᠢᠸᠠᠨ ᠤ ᠠᠬ᠎ᠠ ᠳᠡᠭᠦᠦ ᠨᠠᠷ ᠲᠤ

ᠪᠣᠳᠠᠲᠤ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂ ᠬᠦᠴᠢᠷ ᠶᠠᠪᠤᠳᠠᠯ ᠢ ᠨᠢ ᠰᠢᠢᠳᠪᠦᠷᠢᠯᠡᠵᠦ᠂ ᠲᠠᠶᠢᠸᠠᠨ ᠤ ᠠᠬ᠎ᠠ ᠳᠡᠭᠦᠦ ᠨᠠᠷ ᠤᠨ ᠠᠰᠢᠭ ᠲᠤᠰᠠ ᠶᠢ

ᠨᠡᠩ ᠤᠯᠠᠨ᠂ ᠪᠤᠶᠠᠨ ᠵᠢᠷᠭᠠᠯ ᠢ ᠨᠡᠩ ᠪᠣᠳᠠᠲᠠᠢ᠂ ᠢᠷᠡᠭᠡᠳᠦᠢ ᠶᠢ ᠨᠡᠩ ᠰᠠᠶᠢᠨ ᠰᠠᠶᠢᠬᠠᠨ ᠪᠣᠯᠭᠠᠨ᠎ᠠ᠃

    ᠭᠤᠷᠪᠠᠳᠤᠭᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠡᠷᠡᠭᠲᠡᠢ᠃ ᠳᠤᠮᠳᠠᠳᠤ ᠶᠢᠨ

ᠦᠨᠳᠦᠰᠦᠲᠡᠨ ᠤᠷᠲᠤ ᠤᠳᠠᠭᠠᠨ ᠲᠡᠦᠬᠡᠨ ᠶᠠᠪᠤᠴᠠ ᠳᠤ᠂ ᠡᠷᠳᠡᠨᠢ ᠶᠢᠨ ᠠᠷᠠᠯ ᠲᠠᠶᠢᠸᠠᠨ ᠵᠡᠷᠭᠡ ᠶᠢ ᠪᠠᠭᠲᠠᠭᠠᠭᠰᠠᠨ ᠡᠬᠡ ᠣᠷᠣᠨ ᠤ ᠬᠢᠯᠢ ᠬᠢᠵᠠᠭᠠᠷ ᠢ

ᠬᠠᠮᠲᠤ ᠪᠠᠷ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠲᠡᠦᠬᠡ ᠶᠢ ᠬᠠᠮᠲᠤ ᠪᠠᠷ ᠪᠢᠴᠢᠭᠯᠡᠵᠦ᠂ ᠳᠤᠮᠳᠠᠳᠤ ᠶᠢᠨ ᠰᠣᠶᠣᠯ ᠢ ᠬᠠᠮᠲᠤ ᠪᠠᠷ ᠡᠭᠦᠳᠦᠨ

ᠪᠦᠲᠦᠭᠡᠵᠦ᠂ ᠦᠨᠳᠦᠰᠦᠲᠡᠨ ᠤ ᠵᠣᠷᠢᠭ ᠰᠠᠨᠠᠭ᠎ᠠ ᠶᠢ ᠬᠠᠮᠲᠤ ᠪᠠᠷ ᠪᠤᠢ ᠪᠤᠯᠭᠠᠬᠰᠠᠨ ᠶᠤᠮ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ

ᠳᠡᠭᠦᠦ ᠨᠠᠷ ᠪᠣᠯ ᠶᠡᠷᠦ ᠠᠴᠠ ᠨᠢᠭᠡ ᠭᠡᠷ ᠤᠨ ᠬᠥᠮᠥᠨ ᠪᠣᠯᠬᠤᠷ ᠦᠷᠭᠦᠯᠵᠢ ᠶᠠᠪᠤᠯᠴᠠᠵᠤ᠂ ᠶᠠᠪᠤᠬᠤ ᠲᠤᠳᠤᠮ ᠣᠶᠢᠷ᠎ᠠ ᠳᠣᠲᠣᠨᠣ ᠪᠣᠯᠪᠠᠯ ᠵᠣᠬᠢᠨ᠎ᠠ᠃

ᠪᠢᠳᠡ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ

ᠢᠳᠡᠪᠬᠢᠲᠡᠢ ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠰᠣᠯᠢᠯᠴᠠᠭᠠᠨ ᠤ ᠳᠤᠮᠳᠠ ᠰᠡᠳᠬᠢᠯ ᠢᠶᠠᠨ

ᠰᠣᠯᠢᠯᠴᠠᠬᠤ᠂ ᠶᠠᠪᠤᠯᠴᠠᠭᠠᠨ ᠤ ᠳᠤᠮᠳᠠ ᠢᠲᠡᠭᠡᠯ ᠢᠶᠠᠨ ᠨᠡᠮᠡᠭᠳᠡᠭᠦᠯᠬᠦ᠂ ᠰᠡᠳᠬᠢᠯ ᠰᠠᠨᠠᠭ᠎ᠠ ᠪᠠᠨ ᠣᠯᠣᠯᠴᠠᠬᠤ ᠶᠢ ᠠᠬᠢᠭᠤᠯᠤᠨ᠎ᠠ᠃ ᠪᠢᠳᠡ ᠥᠷᠭᠡᠨ ᠤᠯᠠᠨ

ᠲᠠᠶᠢᠸᠠᠨ ᠤ ᠠᠬ᠎ᠠ ᠳᠡᠭᠦᠦ ᠨᠠᠷ ᠢ ᠡᠬᠡ ᠬᠠᠭᠤᠷᠠᠢ ᠳᠤ ᠢᠯᠡᠭᠦᠬᠡᠨ ᠢᠷᠡᠵᠦ ᠠᠶᠢᠯᠴᠢᠯᠠᠬᠤ ᠶᠢ ᠬᠠᠯᠠᠭᠤᠨ ᠢᠶᠠᠷ ᠤᠷᠢᠵᠤ ᠪᠠᠶᠢᠬᠤ ᠪᠥᠭᠡᠳ ᠡᠬᠡ

ᠬᠠᠭᠤᠷᠠᠢ ᠶᠢᠨ ᠠᠷᠠᠳ ᠤᠯᠠᠨ ᠡᠬᠡ ᠤᠯᠤᠰ ᠤᠨ ᠡᠷᠳᠡᠨᠢ ᠶᠢᠨ ᠠᠷᠠᠯ ᠳᠤ ᠢᠯᠡᠭᠦᠬᠡᠨ ᠣᠴᠢᠵᠤ ᠦᠵᠡᠬᠦ ᠶᠢ ᠬᠦᠰᠡᠵᠦ ᠪᠠᠶᠢᠨ᠎ᠠ᠃

    ᠳᠤᠮᠳᠠᠳᠤ ᠶᠢᠨ ᠰᠣᠶᠣᠯ ᠪᠣᠯ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭᠠᠨ ᠤ ᠠᠮᠢᠨ ᠰᠤᠳᠠᠰᠤ ᠮᠥᠨ᠂ ᠲᠠᠶᠢᠸᠠᠨ ᠬᠤᠭᠤᠯᠠᠢ ᠶᠢᠨ ᠬᠤᠶᠠᠷ

ᠬᠥᠪᠡᠭᠡᠨ ᠤ ᠠᠬ᠎ᠠ ᠳᠡᠭᠦᠦ ᠨᠠᠷ ᠤᠨ ᠬᠠᠮᠲᠤ ᠶᠢᠨ ᠵᠣᠷᠢᠭ ᠰᠠᠨᠠᠭᠠᠨ ᠤ ᠭᠡᠷ ᠣᠷᠣᠨ ᠮᠥᠨ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ

ᠳᠡᠭᠦᠦ ᠨᠠᠷ ᠳᠤᠮᠳᠠᠳᠤ ᠶᠢᠨ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠤᠬᠠᠮᠰᠠᠷ ᠠᠴᠠ ᠪᠠᠨ ᠳᠤᠮᠳᠠᠳᠤ ᠶᠢᠨ ᠰᠣᠶᠣᠯ ᠤᠨ ᠰᠠᠬᠢᠨ ᠬᠠᠮᠠᠭᠠᠯᠠᠭᠴᠢ᠂

ᠤᠯᠠᠮᠵᠢᠯᠠᠨ ᠵᠠᠯᠭᠠᠮᠵᠢᠯᠠᠭᠴᠢ᠂ ᠪᠠᠳᠠᠷᠠᠭᠤᠯᠤᠨ ᠮᠠᠨᠳᠤᠭᠤᠯᠤᠭᠴᠢ ᠪᠣᠯᠵᠤ᠂ ᠳᠤᠮᠳᠠᠳᠤ ᠶᠢᠨ ᠦᠨᠳᠦᠰᠦᠲᠡᠨ ᠤ ᠬᠠᠷᠢᠶᠠᠯᠠᠭᠳᠠᠬᠤᠢ ᠲᠥᠷᠥᠭᠳᠡᠯ᠂ ᠮᠡᠳᠡᠷᠡᠬᠦ

ᠰᠡᠳᠬᠢᠯᠭᠡ᠂ ᠢᠷᠠᠭᠤ ᠠᠯᠳᠠᠷᠲᠤ ᠰᠡᠳᠬᠢᠯᠭᠡ ᠪᠠᠨ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠬᠡᠷᠡᠭᠲᠡᠢ᠃

    ᠳᠥᠷᠪᠡᠳᠦᠭᠡᠷ ᠲᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠡᠷᠡᠰ ᠪᠡᠶᠡᠯᠡᠭᠦᠯᠬᠦ ᠬᠡᠷᠡᠭᠲᠡᠢ᠃ ᠵᠠᠭᠤᠨ ᠵᠢᠯ ᠤᠨ

ᠲᠡᠮᠡᠴᠡᠯ ᠢᠶᠠᠷ ᠳᠠᠮᠵᠢᠭᠠᠳ᠂ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠠᠮᠵᠢᠯᠲᠠ ᠲᠠᠢ ᠵᠠᠮᠨᠠᠵᠤ᠂ ᠦᠨᠳᠦᠰᠦᠲᠡᠨ ᠤ

ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠶᠢ ᠤᠭᠲᠤᠨ ᠠᠪᠴᠢᠷᠠᠵᠤ᠂ ᠰᠦᠨ ᠵᠦᠩ ᠱᠠᠨ ᠠᠪᠤᠭᠠᠢ ᠶᠢᠨ ᠲᠤᠬᠠᠢ ᠶᠢᠨ ᠵᠢᠯ ᠤᠨ

ᠵᠢᠷᠤᠭᠯᠠᠭᠰᠠᠨ ᠵᠢᠷᠤᠭ ᠲᠥᠰᠥᠪ ᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ᠂ ᠰᠦᠨ ᠵᠦᠩ ᠱᠠᠨ ᠠᠪᠤᠭᠠᠢ ᠶᠢᠨ ᠵᠢᠱᠢᠭᠰᠡᠨ ᠠᠯᠤᠰ ᠤᠨ ᠲᠥᠰᠥᠪ ᠠᠴᠠ

ᠬᠤᠯᠠ ᠳᠠᠪᠠᠭᠰᠠᠨ ᠮᠠᠰᠢ ᠤᠯᠠᠨ ᠠᠮᠵᠢᠯᠲᠠ ᠪᠦᠲᠦᠮᠵᠢ ᠶᠢ ᠡᠭᠦᠳᠦᠨ ᠪᠦᠲᠦᠭᠡᠭᠰᠡᠨ ᠶᠤᠮ᠃ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡᠨ

ᠬᠦᠷᠳᠦ ᠦᠷᠭᠦᠯᠵᠢᠯᠡᠨ ᠤᠷᠤᠭᠰᠢᠯᠠᠬᠤ ᠳᠤ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠲᠡᠮᠡᠴᠡᠯ ᠪᠠ ᠬᠦᠴᠦ ᠬᠥᠯᠥᠰᠦ

ᠰᠢᠩᠭᠡᠵᠦ ᠪᠠᠶᠢᠭ᠎ᠠ ᠪᠣᠯᠬᠤᠷ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠰᠡᠳᠬᠢᠯ ᠨᠢᠭᠡᠳᠦᠨ ᠬᠠᠮᠲᠤ ᠪᠠᠷ ᠡᠭᠦᠳᠴᠦ᠂

ᠦᠷᠭᠦᠯᠵᠢᠯᠡᠨ ᠲᠡᠮᠡᠴᠡᠬᠦ ᠴᠢᠬᠤᠯᠠᠲᠠᠢ ᠪᠥᠭᠡᠳ ᠡᠴᠦᠰ ᠲᠡᠭᠡᠨ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠪᠤᠤᠬᠢᠶ᠎ᠠ

ᠳᠠᠮᠵᠢᠭᠤᠯᠤᠨ ᠲᠡᠮᠡᠴᠡᠬᠦ ᠶᠠᠪᠤᠴᠠ ᠳᠤ ᠪᠡᠶᠡᠯᠡᠭᠳᠡᠬᠦ ᠪᠣᠯᠣᠨ᠎ᠠ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠵᠠᠯᠠᠭᠤᠴᠤᠳ ᠯᠠᠪᠲᠠᠢ ᠶᠡᠭᠡ ᠦᠢᠯᠡᠰ ᠢ

ᠪᠦᠲᠦᠭᠡᠵᠦ ᠪᠤᠯᠬᠤ ᠪᠥᠭᠡᠳ ᠶᠡᠭᠡ ᠦᠢᠯᠡᠰ ᠢ ᠪᠦᠲᠦᠭᠡᠵᠦ ᠯᠠᠪᠲᠠᠢ ᠴᠢᠳᠠᠬᠤ ᠶᠤᠮ᠃ ᠪᠢᠳᠡ ᠲᠠᠶᠢᠸᠠᠨ ᠤ ᠵᠠᠯᠠᠭᠤᠴᠤᠳ ᠤᠨ ᠡᠬᠡ ᠤᠯᠤᠰ ᠤᠨ ᠡᠬᠡ

ᠬᠠᠭᠤᠷᠠᠢ ᠳᠤ ᠢᠷᠡᠵᠦ ᠬᠦᠰᠡᠯ ᠵᠡᠭᠦᠳᠦ ᠪᠠᠨ ᠬᠥᠭᠡᠭᠡᠴᠡᠯᠳᠦᠬᠦ᠂ ᠬᠦᠰᠡᠯ ᠵᠡᠭᠦᠳᠦ ᠪᠠᠨ ᠴᠣᠭᠴᠠᠯᠠᠬᠤ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ

ᠪᠠᠶᠠᠷᠯᠠᠨ ᠤᠭᠲᠤᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠵᠠᠯᠠᠭᠤᠴᠤᠳ ᠤᠨ ᠦᠰᠦᠨ ᠪᠤᠶᠢᠵᠢᠬᠤ᠂ ᠴᠢᠳᠠᠪᠤᠷᠢᠲᠠᠨ ᠪᠤᠯᠬᠤ᠂ ᠠᠮᠵᠢᠯᠲᠠ

ᠣᠯᠬᠤ ᠳᠤ ᠨᠡᠩ ᠰᠠᠶᠢᠨ ᠨᠥᠬᠦᠴᠡᠯ᠂ ᠨᠡᠩ ᠤᠯᠠᠨ ᠠᠵᠠ ᠲᠣᠭᠢᠶᠠᠯ ᠢ ᠦᠷᠭᠦᠯᠵᠢᠯᠡᠨ ᠪᠦᠷᠢᠯᠳᠦᠭᠦᠯᠵᠦ ᠥᠭᠭᠦᠨ᠎ᠡ᠃ ᠲᠠᠶᠢᠸᠠᠨ ᠬᠤᠭᠤᠯᠠᠢ ᠶᠢᠨ ᠬᠤᠶᠠᠷ

ᠬᠥᠪᠡᠭᠡᠨ ᠤ ᠵᠠᠯᠠᠭᠤᠴᠤᠳ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠨ᠂ ᠬᠠᠷᠢᠯᠴᠠᠨ ᠲᠦᠰᠢᠭᠯᠡᠯᠴᠡᠵᠦ᠂ ᠰᠡᠳᠬᠢᠯ ᠨᠢᠭᠡᠳᠦᠨ ᠬᠠᠮᠲᠤ ᠪᠠᠷ

ᠤᠷᠤᠭᠰᠢᠯᠠᠵᠤ᠂ ᠲᠡᠦᠬᠡ ᠶᠢᠨ ᠪᠤᠤᠬᠢᠶ᠎ᠠ ᠶᠢ ᠰᠠᠶᠢᠲᠤᠷ ᠭᠦᠶᠦᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠵᠠᠯᠠᠭᠤ ᠨᠠᠰᠤᠨ ᠤ

ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃

    ᠰᠢ ᠶᠢᠨ ᠫᠢᠩ᠂ 4 ᠰᠠᠷ᠎ᠠ ᠶᠢᠨ 3 ᠤ ᠡᠳᠦᠷ᠂ ᠬᠤᠸᠠ ᠯᠢᠶᠠᠨ ᠰᠢᠶᠠᠨ ᠤ ᠲᠡᠯᠡᠶ ᠶᠢᠨ ᠣᠷᠣᠨ ᠳᠤ 7.3 ᠲᠠᠰ ᠤᠨ ᠭᠠᠵᠠᠷ ᠬᠥᠳᠡᠯᠦᠯᠲᠡ

ᠡᠭᠦᠰᠴᠦ᠂ ᠬᠥᠮᠥᠨ ᠬᠠᠷ᠎ᠠ ᠠᠳᠡᠵᠦ ᠰᠢᠷᠬᠠᠲᠤᠨ᠂ ᠡᠳ᠋ ᠬᠥᠷᠥᠩᠭᠡ ᠬᠤᠬᠢᠷᠠᠯ ᠳᠤ ᠤᠴᠠᠷᠠᠭᠰᠠᠨ ᠳᠤ᠂ ᠪᠢ ᠠᠳᠡᠭᠰᠡᠨ ᠠᠬᠠᠨ ᠳᠡᠭᠦᠦᠰ ᠢ ᠡᠮᠭᠡᠨᠢᠨ

ᠭᠠᠰᠢᠭᠤᠳᠠᠵᠤ ᠪᠠᠶᠢᠬᠤ ᠪᠥᠭᠡᠳ ᠭᠠᠮᠰᠢᠭᠳᠠᠭᠰᠠᠨ ᠣᠷᠣᠨ ᠤ ᠣᠯᠠᠨ ᠲᠦᠮᠡᠨ ᠢ ᠲᠣᠬᠤᠨᠢᠭᠤᠯᠵᠤ ᠪᠠᠶᠢᠬᠤ ᠪᠠᠨ ᠢᠯᠡᠳᠬᠡᠵᠦ ᠪᠠᠶᠢᠨ᠎ᠠ ᠭᠡᠵᠦ ᠬᠡᠯᠡᠪᠡ᠃

    ᠮᠠ ᠶᠢᠩ ᠵᠢᠦ᠂ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠨ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ

ᠡᠰᠡᠷᠭᠦᠴᠡᠬᠦ ᠪᠣᠯ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ ᠶᠢ ᠨᠠᠶᠢᠷᠠᠮᠳᠠᠯ ᠢᠶᠠᠷ ᠬᠥᠭᠵᠢᠭᠦᠯᠬᠦ ᠶᠢᠨ ᠬᠠᠮᠲᠤ ᠶᠢᠨ ᠤᠯᠤᠰ ᠲᠥᠷᠥ ᠶᠢᠨ

ᠰᠠᠭᠤᠷᠢ ᠮᠥᠨ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠷᠠᠳ ᠲᠦᠮᠡᠨ ᠪᠣᠯ ᠴᠥᠮ ᠳᠤᠮᠳᠠᠳᠤ ᠶᠢᠨ ᠦᠨᠳᠦᠰᠦᠲᠡᠨ ᠮᠥᠨ᠂ ᠴᠥᠮ ᠶᠠᠨᠳᠢ

ᠬᠤᠸᠠᠩᠳᠢ ᠶᠢᠨ ᠦᠷ᠎ᠡ ᠬᠤᠶᠢᠴᠢᠰ ᠮᠥᠨ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠶᠢᠨ ᠰᠣᠶᠣᠯ ᠢ ᠬᠠᠮᠲᠤ ᠪᠠᠷ

ᠤᠯᠠᠮᠵᠢᠯᠠᠨ ᠵᠠᠯᠭᠠᠮᠵᠢᠯᠠᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠪᠤᠶᠠᠨ ᠵᠢᠷᠭᠠᠯ ᠢ ᠨᠡᠮᠡᠭᠳᠡᠭᠦᠯᠦᠨ᠂ ᠭᠠᠷ

ᠬᠤᠯᠪᠣᠯᠴᠠᠨ ᠤᠷᠤᠭᠰᠢᠯᠠᠵᠤ᠂ ᠳᠤᠮᠳᠠᠳᠤ ᠤᠯᠤᠰ ᠢᠶᠠᠨ ᠬᠥᠭᠵᠢᠭᠦᠯᠦᠨ ᠮᠠᠨᠳᠤᠭᠤᠯᠬᠤ ᠪᠠᠷ ᠬᠦᠴᠦᠯᠡᠨ ᠴᠢᠷᠮᠠᠶᠢᠨ᠎ᠠ ᠭᠡᠵᠦ ᠬᠡᠯᠡᠪᠡ᠃

    ᠬᠤᠷᠠᠯ ᠳᠤ ᠣᠷᠣᠯᠴᠠᠬᠰᠠᠨ ᠲᠠᠶᠢᠸᠠᠨ ᠤ ᠵᠠᠯᠠᠭᠤᠴᠤᠳ ᠤᠨ ᠲᠥᠯᠥᠭᠡᠯᠡᠭᠴᠢ ᠦᠭᠡ ᠬᠡᠯᠡᠪᠡ᠃

    ᠸᠠᠩ ᠬᠤ᠋ ᠨᠢᠩ᠂ ᠼᠠᠢ ᠴᠢ ᠨᠠᠷ ᠠᠭᠤᠯᠵᠠᠯᠲᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ