ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 10 ᠤ ᠡᠳᠦᠷ ᠤᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠴᠢᠶᠠᠩ ᠲᠦᠷᠦᠭᠦᠬᠡᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠥᠰᠥᠭ ᠵᠢᠷᠤᠨ᠂ ︽ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠪᠠ︶ ᠢ ᠨᠡᠶᠢᠲᠡᠯᠡᠵᠦ᠂ 2024 ᠣᠨ ᠤ 6 ᠳ᠋ᠤᠭᠠᠷ | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠪᠣᠯ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠴᠢᠬᠤᠯᠠ ᠪᠦᠷᠢᠯᠳᠦᠭᠦᠨ | ᠬᠡᠰᠡᠭ ᠮᠥᠨ᠃ ︽ᠳᠦᠷᠢᠮ︾ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠭᠡᠬᠦ ᠣᠶᠢᠯᠠᠭᠠᠭᠳᠠᠬᠤᠨ ᠢ ᠪᠠᠷᠢᠮᠲᠠᠯᠠᠨ᠂ ᠠᠮᠢ | ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠲᠤᠬᠠᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠪᠠ | ᠱᠠᠭᠠᠷᠳᠠᠯᠭ᠎ᠠ ᠵᠢᠴᠢ ᠪᠦᠲᠦᠮᠵᠢᠲᠡᠶ ᠲᠤᠷᠰᠢᠯᠭ᠎ᠠ ᠠᠷᠭ᠎ᠠ ᠬᠢᠳᠡᠯ ᠤᠳ ᠢ ᠶᠡᠷᠦᠩᠬᠡᠶᠢᠯᠡᠭᠰᠡᠨ ᠴᠢᠨᠠᠷᠲᠠᠢ᠂ ᠰᠠᠭᠤᠷᠢ ᠴᠢᠨᠠᠷᠲᠠᠢ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠤᠨ ᠬᠡᠯᠪᠡᠷᠢ ᠪᠠᠷ ᠪᠠᠬᠢᠵᠢᠭᠦᠯᠦᠨ ᠥᠷᠭᠡᠳᠬᠡᠬᠦ ᠪᠣᠯᠣᠨ᠎ᠠ᠃ ᠪᠠᠰᠠ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠦᠨᠳᠦᠰᠦᠨ | ᠳᠦᠷᠢᠮ ᠲᠣᠭᠲᠠᠭᠠᠯ ᠢ ᠳᠣᠭᠲᠠᠭᠠᠭᠰᠨ ᠠᠴᠠ ᠬᠠᠤᠯᠢ ᠪᠠᠷ ᠵᠠᠰᠠᠬᠤ ᠶᠢᠨ ᠦᠨᠳᠦᠰᠦ ᠶᠢ ᠪᠠᠲᠤᠳᠬᠠᠬᠤ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ | ᠬᠡᠳᠦ ᠳᠤ ᠠᠰᠢᠭᠲᠠᠢ ᠦᠢᠯᠡᠳᠦᠯ ᠤᠳ ᠢ ᠨᠢ ᠭᠦᠢᠴᠡᠳ ᠪᠠᠳᠠᠷᠠᠭᠤᠯᠬᠤ ᠪᠣᠯᠣᠨ᠎ᠠ᠃ ︽ᠳᠦᠷᠢᠮ︾ ᠨᠡᠶᠢᠲᠡ 6 ᠪᠦᠯᠦᠭ 33 ᠵᠦᠢᠯ ᠲᠠᠢ᠂ | ᠭᠤᠣᠯᠳᠠᠭᠤ ᠳᠠᠷᠠᠭᠠᠬᠢ ᠠᠭᠤᠯᠭ᠎ᠠ ᠨᠤᠭᠤᠳ ᠢ ᠲᠣᠭᠲᠠᠭᠠᠵᠠᠢ᠄ | ᠨᠢᠭᠡ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠠᠭᠤᠯᠤᠭᠳᠠᠬᠤᠨ ᠢ ᠲᠣᠳᠣᠷᠬᠠᠶᠢᠯᠠᠪᠠ᠃ ᠠᠮᠢ ᠠᠬᠤᠢ ᠶᠢᠨ ᠬᠠᠮᠠᠭᠠᠯᠠᠯᠲᠠ ᠶᠢᠨ | ᠨᠥᠬᠦᠪᠦᠷᠢ ᠭᠡᠳᠡᠭ ᠪᠣᠯ ᠡᠳ᠋ ᠤᠨ ᠵᠠᠰᠠᠭ ᠭᠤᠯᠳᠤ ᠪᠠᠷ ᠨᠥᠬᠦᠪᠦᠷᠢ ᠥᠭᠬᠦ᠂ ᠭᠠᠵᠠᠷ ᠣᠷᠣᠨ ᠨᠤᠭᠤᠳ ᠬᠤᠭᠤᠷᠣᠨᠳᠤ ᠪᠠᠨ ᠬᠥᠨᠳᠡᠯᠡᠨ ᠢᠶᠠᠷ ᠨᠥᠬᠦᠪᠦᠷᠢ | ᠥᠭᠬᠦ᠂ ᠵᠠᠬ᠎ᠠ ᠳᠡᠯᠭᠡᠭᠦᠷ ᠤᠨ ᠲᠣᠭᠲᠠᠴᠠ ᠨᠥᠬᠦᠪᠦᠷᠢ ᠥᠭᠬᠦ ᠵᠡᠷᠭᠡ ᠲᠣᠭᠲᠠᠴᠠ ᠪᠠᠷ ᠳᠠᠮᠵᠢᠭᠤᠯᠤᠨ᠂ ᠲᠣᠭᠲᠠᠭᠠᠯ ᠪᠤᠶᠤ ᠪᠣᠯᠵᠣᠯ ᠶᠣᠰᠣᠭᠠᠷ ᠠᠮᠢ | ᠠᠬᠤᠢ ᠶᠢᠨ ᠬᠠᠮᠠᠭᠠᠯᠠᠯᠲᠠ ᠥᠷᠨᠢᠭᠦᠯᠦᠭᠰᠡᠨ ᠨᠢᠭᠡᠴᠢ ᠪᠠ ᠬᠤᠪᠢ ᠬᠥᠮᠥᠨ ᠳᠤ ᠨᠥᠬᠦᠪᠦᠷᠢ ᠥᠭᠬᠦ ᠤᠷᠮᠠᠰᠢᠭᠤᠯᠤᠯ ᠤᠨ ᠴᠢᠨᠠᠷᠲᠠᠢ ᠳᠦᠷᠢᠮ ᠤᠨ | ᠲᠣᠬᠢᠷᠠᠭᠤᠯᠤᠯᠲᠠ ᠶᠢ ᠵᠢᠭᠠᠵᠤ ᠪᠠᠶᠢᠨ᠎ᠠ᠃ | ᠬᠤᠶᠠᠷ᠂ ᠠᠵᠢᠯ ᠤᠨ ᠵᠠᠷᠴᠢᠮ ᠢ ᠲᠣᠳᠣᠷᠬᠠᠶᠢᠯᠠᠨ᠂ ᠠᠵᠢᠯ ᠤᠨ ᠲᠣᠭᠲᠠᠴᠠ ᠶᠢ ᠪᠦᠷᠢᠨᠰᠢᠭᠦᠯᠪᠡ᠃ ᠠᠮᠢ ᠠᠬᠤᠢ ᠶᠢᠨ ᠬᠠᠮᠠᠭᠠᠯᠠᠯᠲᠠ ᠶᠢᠨ | ᠨᠥᠬᠦᠪᠦᠷᠢ ᠶᠢᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠵᠠᠰᠠᠭ ᠤᠨ ᠣᠷᠳᠣᠨ ᠭᠤᠣᠯᠯᠠᠬᠤ᠂ | ᠨᠡᠶᠢᠭᠡᠮ ᠣᠷᠣᠯᠴᠠᠬᠤ᠂ ᠵᠠᠬ᠎ᠠ ᠳᠡᠯᠭᠡᠭᠦᠷ ᠲᠣᠬᠢᠷᠠᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠤᠷᠮᠠᠰᠢᠭᠤᠯᠬᠤ ᠬᠢᠭᠡᠳ ᠬᠢᠵᠠᠭᠠᠷᠯᠠᠬᠤ ᠶᠢ ᠵᠡᠷᠭᠡ ᠳᠤ | ᠴᠢᠬᠤᠯᠠᠴᠢᠯᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠯᠡᠨ ᠬᠠᠮᠵᠢᠯᠴᠠᠨ ᠠᠬᠢᠭᠤᠯᠬᠤ ᠶᠢ ᠪᠠᠷᠢᠮᠲᠠᠯᠠᠵᠤ᠂ ᠠᠮᠢ ᠠᠬᠤᠢ ᠶᠢᠨ ᠦᠷ᠎ᠡ ᠠᠰᠢᠭ ᠢ ᠠᠵᠤ | ᠠᠬᠤᠢ ᠪᠠ ᠨᠡᠶᠢᠭᠡᠮ ᠤᠨ ᠦᠷ᠎ᠡ ᠠᠰᠢᠭ ᠲᠠᠢ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ | ᠭᠤᠷᠪᠠ᠂ ᠡᠳ᠋ ᠤᠨ ᠵᠠᠰᠠᠭ ᠭᠤᠯᠳᠤ ᠪᠠᠷ ᠨᠥᠬᠦᠪᠦᠷᠢ ᠥᠭᠬᠦ ᠶᠢ ᠵᠢᠷᠤᠮᠵᠢᠭᠤᠯᠤᠨ᠎ᠠ᠃ ᠤᠯᠤᠰ ᠡᠳ᠋ ᠤᠨ ᠵᠠᠰᠠᠭ ᠠᠴᠠ ᠰᠢᠯᠵᠢᠭᠦᠯᠦᠨ ᠥᠭᠬᠦ ᠵᠡᠷᠭᠡ | ᠠᠷᠭ᠎ᠠ ᠪᠠᠷ ᠳᠠᠮᠵᠢᠭᠤᠯᠤᠨ᠂ ᠴᠢᠬᠤᠯᠠ ᠠᠮᠢ ᠠᠬᠤᠢ ᠶᠢᠨ ᠣᠷᠴᠢᠨ ᠲᠣᠭᠤᠷᠢᠨ ᠤ ᠬᠦᠴᠦᠨ ᠵᠦᠢᠯ ᠤᠨ ᠬᠠᠮᠠᠭᠠᠯᠠᠯᠲᠠ ᠥᠷᠨᠢᠭᠦᠯᠦᠭᠰᠡᠨ ᠵᠢᠴᠢ ᠠᠮᠢ | ᠠᠬᠤᠢ ᠶᠢᠨ ᠴᠢᠳᠠᠮᠵᠢ ᠴᠢᠬᠤᠯᠠ ᠣᠷᠣᠨ ᠪᠦᠰᠡ ᠳᠤ ᠠᠮᠢ ᠠᠬᠤᠢ ᠶᠢᠨ ᠬᠠᠮᠠᠭᠠᠯᠠᠯᠲᠠ ᠥᠷᠨᠢᠭᠦᠯᠦᠭᠰᠡᠨ ᠨᠢᠭᠡᠴᠢ ᠪᠠ ᠬᠤᠪᠢ ᠬᠥᠮᠥᠨ ᠳᠤ ᠨᠥᠬᠦᠪᠦᠷᠢ | ᠥᠭᠭᠦᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠥᠬᠦᠪᠦᠷᠢ ᠪᠡᠯᠡ ᠮᠥᠩᠭᠦ ᠶᠢ | ᠠᠮᠢ ᠠᠬᠤᠢ ᠶᠢᠨ ᠬᠠᠮᠠᠭᠠᠯᠠᠯᠲᠠ ᠥᠷᠨᠢᠭᠦᠯᠦᠭᠰᠡᠨ ᠨᠢᠭᠡᠴᠢ ᠪᠠ ᠬᠤᠪᠢ ᠬᠥᠮᠥᠨ ᠳᠤ ᠴᠠᠭ ᠲᠤᠬᠠᠢ ᠳᠤ ᠨᠢ ᠣᠯᠭᠤᠬᠤ ᠬᠡᠷᠡᠭᠲᠡᠢ︔ ᠣᠷᠣᠨ ᠨᠤᠲᠤᠭ ᠤᠨ | ᠵᠠᠰᠠᠭ ᠤᠨ ᠣᠷᠳᠣᠨ ᠤ ᠨᠢᠭᠡᠳᠦᠯᠲᠡᠢ ᠲᠥᠯᠥᠪᠯᠡᠨ ᠬᠡᠷᠡᠭᠯᠡᠬᠦ ᠪᠡᠯᠡ ᠮᠥᠩᠭᠦ ᠶᠢ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ᠂ ᠠᠮᠢ ᠠᠬᠤᠢ ᠶᠢᠨ | ᠣᠷᠴᠢᠨ ᠲᠣᠭᠤᠷᠢᠨ ᠢ ᠵᠠᠰᠠᠬᠤ ᠪᠠ ᠵᠠᠰᠠᠨ ᠰᠡᠷᠭᠦᠭᠡᠬᠦ ᠵᠡᠷᠭᠡ ᠳᠤ ᠤᠷᠢᠳ ᠢᠶᠠᠷ ᠬᠡᠷᠡᠭᠯᠡᠬᠦ ᠬᠡᠷᠡᠭᠲᠡᠢ᠃ | ᠳᠥᠷᠪᠡ ᠂ ᠭᠠᠵᠠᠷ ᠣᠷᠣᠨ ᠨᠤᠭᠤᠳ ᠬᠤᠭᠤᠷᠤᠨᠳᠤ ᠪᠠᠨ ᠬᠥᠨᠳᠡᠯᠡᠨ ᠢᠶᠠᠷ ᠨᠥᠬᠦᠪᠦᠷᠢ ᠥᠭᠬᠦ ᠶᠢ ᠲᠡᠭᠦᠯᠳᠡᠷᠵᠢᠭᠦᠯᠦᠨ᠎ᠡ᠃ ᠠᠮᠢ ᠠᠬᠤᠢ ᠶᠢᠨ ᠠᠰᠢᠭ | ᠭᠥᠷᠳᠡᠬᠦ ᠭᠠᠵᠠᠷ ᠣᠷᠣᠨ ᠬᠢᠭᠡᠳ ᠠᠮᠢ ᠠᠬᠤᠢ ᠶᠢᠨ ᠬᠠᠮᠠᠭᠠᠯᠠᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠳᠡᠯᠴᠡᠬᠦ ᠵᠡᠷᠭᠡ | ᠠᠷᠭ᠎ᠠ ᠪᠠᠷ ᠳᠠᠮᠵᠢᠭᠤᠯᠤᠨ᠂ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠲᠣᠭᠲᠠᠴᠠ ᠪᠠᠶᠢᠭᠤᠯᠬᠤ ᠶᠢ ᠨᠢ ᠵᠣᠷᠢᠭᠵᠢᠭᠤᠯᠵᠤ ᠵᠢᠯᠤᠭᠤᠳᠴᠤ | ᠠᠬᠢᠭᠤᠯᠤᠨ᠎ᠠ᠃ ᠠᠮᠢ ᠠᠬᠤᠢ ᠶᠢᠨ ᠴᠢᠳᠠᠮᠵᠢ ᠣᠨᠴᠠ ᠴᠢᠬᠤᠯᠠ ᠣᠷᠣᠨ ᠪᠦᠰᠡ ᠳᠤ᠂ ᠭᠠᠵᠠᠷ ᠣᠷᠣᠨ ᠨᠤᠭᠤᠳ ᠬᠤᠭᠤᠷᠤᠨᠳᠤ ᠪᠠᠨ ᠬᠥᠨᠳᠡᠯᠡᠨ ᠢᠶᠠᠷ | ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠭᠦᠭᠰᠡᠨ ᠪᠠᠶᠢᠪᠠᠯ᠂ ᠲᠥᠪ ᠤᠨ ᠡᠳ᠋ ᠤᠨ ᠵᠠᠰᠠᠭ ᠪᠠ ᠮᠤᠵᠢ ᠶᠢᠨ ᠱᠠᠲᠤᠨ ᠤ ᠡᠳ᠋ ᠤᠨ ᠵᠠᠰᠠᠭ | ᠬᠥᠲᠥᠯᠥᠨ ᠵᠢᠯᠤᠭᠤᠳᠴᠤ ᠲᠡᠮᠵᠢᠵᠤ ᠪᠣᠯᠣᠨ᠎ᠠ︔ ᠨᠥᠬᠦᠪᠦᠷᠢ ᠥᠭᠬᠦ ᠲᠣᠭᠲᠠᠴᠠ ᠶᠢᠨ ᠪᠠᠶᠢᠭᠤᠯᠤᠯᠲᠠ ᠳᠤ ᠢᠯᠡᠳᠲᠡ ᠦᠷ᠎ᠡ ᠪᠦᠲᠦᠮᠵᠢ ᠣᠯᠣᠭᠰᠠᠨ | ᠪᠠᠶᠢᠪᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠳ | ᠲᠥᠯᠥᠪᠯᠡᠭᠡ᠂ ᠪᠡᠯᠡ ᠮᠥᠩᠭᠦ᠂ ᠲᠦᠰᠦᠯ ᠤᠨ ᠲᠣᠬᠢᠷᠠᠭᠤᠯᠤᠯᠲᠠ ᠵᠡᠷᠭᠡ ᠲᠠᠯ᠎ᠠ ᠪᠠᠷ ᠵᠣᠬᠢᠰᠲᠠᠢ ᠳᠡᠮᠵᠢᠵᠦ ᠪᠣᠯᠣᠨ᠎ᠠ᠃ | ᠲᠠᠪᠤ ᠂ ᠵᠠᠬ᠎ᠠ ᠳᠡᠯᠭᠡᠭᠦᠷ ᠤᠨ ᠲᠣᠭᠲᠠᠴᠠ ᠨᠥᠬᠦᠪᠦᠷᠢ ᠥᠭᠬᠦ ᠶᠢ ᠵᠣᠷᠢᠭᠵᠢᠭᠤᠯᠤᠨ ᠠᠬᠢᠭᠤᠯᠤᠨ᠎ᠠ᠃ ᠵᠠᠬ᠎ᠠ ᠳᠡᠯᠭᠡᠭᠦᠷ ᠤᠨ ᠲᠣᠭᠲᠠᠴᠠ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠬᠦᠴᠦᠨ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠳᠦᠷᠢᠮ | ᠶᠣᠰᠣᠭᠠᠷ᠂ ᠪᠤᠬᠢᠷᠳᠤᠯ ᠦᠭᠡᠢ ᠦᠢᠯᠡᠳᠬᠦᠨ ᠪᠠ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠪᠠᠷ ᠳᠠᠮᠵᠢᠭᠤᠯᠤᠨ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠦᠷᠢ ᠥᠭᠬᠦ ᠶᠢ ᠨᠢ ᠵᠣᠷᠢᠭᠵᠢᠭᠤᠯᠤᠨ᠎ᠠ᠃ ᠨᠡᠶᠢᠭᠡᠮ ᠤᠨ ᠪᠡᠯᠡ ᠮᠥᠩᠭᠦ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ | ᠪᠠᠶᠢᠭᠠᠳ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠰᠠᠭᠤᠷᠢ ᠮᠥᠩᠭᠦ ᠪᠠᠶᠢᠭᠤᠯᠤᠨ᠂ ᠠᠮᠢ | ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠳᠤ ᠬᠠᠤᠯᠢ ᠶᠣᠰᠣᠭᠠᠷ ᠡᠮᠬᠢ ᠵᠢᠷᠤᠮ ᠲᠠᠢ ᠪᠠᠷ ᠣᠷᠣᠯᠴᠠᠭᠤᠯᠤᠨ᠎ᠠ᠃ | ᠵᠢᠷᠭᠤᠭ᠎ᠠ᠂ ᠪᠠᠲᠤᠯᠠᠭ᠎ᠠ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠪᠡᠯᠡ ᠮᠥᠩᠭᠦ ᠶᠢ ᠴᠠᠭ ᠲᠤᠬᠠᠢ ᠳᠤ ᠨᠢ ᠪᠠᠭᠤᠯᠭᠠᠬᠤ ᠪᠠ ᠬᠠᠷᠭᠤᠭᠤᠯᠤᠨ ᠥᠭᠬᠦ | ᠬᠡᠷᠡᠭᠲᠡᠢ᠂ ᠪᠡᠯᠡ ᠮᠥᠩᠭᠦ ᠶᠢ ᠦᠯᠡᠳᠡᠭᠡᠨ ᠠᠪᠤᠭᠰᠠᠨ᠂ ᠡᠵᠡᠯᠡᠨ ᠬᠡᠷᠡᠭᠯᠡᠭᠰᠡᠨ᠂ ᠨᠡᠭᠦᠯᠭᠡᠨ ᠬᠡᠷᠡᠭᠯᠡᠭᠰᠡᠨ᠂ ᠥᠷᠢᠲᠦᠵᠦ ᠤᠳᠠᠭᠠᠰᠢᠷᠠᠭᠤᠯᠤᠭᠰᠠᠨ ᠪᠤᠶᠤ | ᠲᠣᠭᠲᠠᠭᠠᠯ ᠶᠣᠰᠣᠭᠠᠷ ᠬᠡᠷᠡᠭᠯᠡᠭᠰᠡᠨ ᠦᠭᠡᠢ ᠮᠥᠷᠲᠡᠭᠡᠨ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠪᠡᠯᠡ ᠮᠥᠩᠭᠦ ᠶᠢ | ᠬᠤᠶᠢᠰᠢᠯᠠᠭᠤᠯᠤᠨ ᠰᠠᠯᠭᠠᠨ ᠥᠭᠬᠦ᠂ ᠪᠠᠭᠠᠰᠬᠠᠨ ᠰᠠᠯᠭᠠᠨ ᠥᠭᠬᠦ᠂ ᠰᠠᠯᠭᠠᠨ ᠥᠭᠬᠦ ᠶᠢ ᠵᠣᠭᠰᠤᠭᠠᠬᠤ ᠪᠤᠶᠤ ᠨᠡᠬᠡᠮᠵᠢᠯᠡᠨ ᠠᠪᠴᠢᠷᠠᠵᠤ ᠪᠣᠯᠣᠨ᠎ᠠ᠃ ᠠᠮᠢ | ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠠᠵᠢᠯ ᠤᠨ ᠪᠠᠶᠢᠳᠠᠯ ᠢ ᠬᠠᠤᠯᠢ ᠶᠣᠰᠣᠭᠠᠷ ᠴᠠᠭ ᠲᠤᠬᠠᠢ ᠳᠤ ᠨᠢ ᠢᠯᠡ ᠪᠣᠯᠭᠠᠵᠤ᠂ ᠬᠢᠨᠠᠨ ᠪᠤᠳᠤᠬᠤ | ᠪᠠᠶᠢᠭᠤᠯᠭ᠎ᠠ ᠪᠡᠯᠡ ᠮᠦᠩᠭᠦᠨ ᠤ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠢ ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠬᠡᠷᠡᠭᠲᠡᠢ᠃ | |