ᠤᠷᠠᠳ ᠤᠨ ᠡᠮᠦᠨᠡᠲᠦ ᠬᠤᠰᠢᠭᠤ 2024 ᠣᠨ ᠤ ︽  ᠤᠮᠠᠷᠠᠲᠤ ᠶᠢᠨ ᠭᠤᠷᠪᠠᠨ ᠣᠷᠤᠨ ᠤ ᠢᠨᠵᠧᠨᠧᠷᠢᠩ︾ ᠤᠨ ᠡᠯᠡᠰᠦᠨ  ᠳᠣᠪᠤ  ᠶᠢ ᠵᠠᠰᠠᠬᠤ ᠲᠥᠷᠥᠯ  ᠵᠦᠢᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/15
     4 ᠰᠠᠷ᠎ᠠ ᠶᠢᠨ 12 ᠤᠨ ᠡᠳᠦᠷ᠂ ᠤᠷᠠᠳ ᠤᠨ ᠡᠮᠦᠨᠡᠲᠦ ᠬᠤᠰᠢᠭᠤᠨ ᠤ 2024 ᠣᠨ ᠤ ︽  ᠤᠮᠠᠷᠠᠲᠤ ᠶᠢᠨ ᠭᠤᠷᠪᠠᠨ  ᠣᠷᠤᠨ ᠤ ᠢᠨᠵᠧᠨᠧᠷᠢᠩ︾ ᠤᠨ ᠡᠯᠡᠰᠦᠨ ᠳᠣᠪᠤ  ᠶᠢ ᠵᠠᠰᠠᠬᠤ ᠲᠥᠷᠥᠯ ᠵᠦᠢᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠠᠨ ᠬᠠᠶ ᠲᠣᠰᠬᠤᠨ ᠤ ᠡᠮᠦᠨ᠎ᠡ ᠶᠡᠭᠡ ᠬᠠᠰᠢᠯᠭ᠎ᠠ ᠶᠢᠨ ᠳᠤᠭᠤᠶᠢᠯᠠᠩ ᠤᠨ ᠡᠯᠡᠰᠦᠨ ᠳᠣᠪᠤ ᠤᠨ ᠬᠡᠰᠡᠭ ᠲᠤ ᠶᠠᠪᠤᠭᠳᠠᠪᠠ᠃ 

植树1.webp.jpg

     ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠪᠣᠯᠤᠨ

ᠬᠤᠰᠢᠭᠤᠨ ᠤ ᠰᠢᠭᠤᠳ ᠬᠠᠷᠢᠶ᠎ᠠ᠂ ᠬᠤᠰᠢᠭᠤᠨ ᠳᠤ ᠰᠠᠭᠤᠭ᠎ᠠ 50 ᠭᠠᠷᠤᠶ ᠪᠠᠶᠢᠭᠤᠯᠭ᠎ᠠ ᠰᠠᠯᠠᠭ᠎ᠠ ᠮᠥᠴᠢᠷ ᠤᠨ 530 ᠭᠠᠷᠤᠶ ᠺᠠᠳ᠋ᠷ ᠠᠵᠢᠯᠲᠠᠨ᠂

ᠰᠠᠶᠢᠨ ᠳᠤᠷᠠᠴᠤᠳ ᠮᠣᠳᠣ ᠲᠠᠷᠢᠬᠤ ᠠᠵᠢᠯᠯᠠᠭ᠎ᠠ ᠳᠤ  ᠣᠷᠤᠯᠴᠠᠪᠠ᠃

     ᠮᠣᠳᠣ ᠲᠠᠷᠢᠬᠤ ᠲᠤᠬᠠᠶ ᠶᠢᠨ ᠲᠠᠯᠠᠪᠠᠢ ᠳᠤ ᠬᠥᠷ ᠬᠥᠭᠵᠢᠶᠡᠨ ᠲᠠᠢ ᠬᠦᠳᠡᠯᠮᠦᠷᠢᠯᠡᠬᠦ ᠦᠵᠡᠭᠳᠡᠯ ᠬᠠᠷᠠᠭᠳᠠᠵᠤ ᠂ ᠰᠣᠶᠣᠯᠲᠤ ᠵᠡᠷᠭᠡ ᠬᠤᠰᠢᠭᠤᠨ ᠤ

ᠤᠳᠤᠷᠢᠳᠤᠯᠭ᠎ᠠ ᠺᠠᠳ᠋ᠷ ᠤᠯᠠᠨ ᠲᠦᠮᠡᠨ ᠲᠠᠢ ᠬᠠᠮᠲᠤ ᠨᠢᠭᠡ ᠰᠠᠭᠤᠷᠢ ᠰᠠᠭᠤᠷᠢ ᠴᠢᠬᠢ ᠮᠣᠳᠣ ᠢ  ᠵᠠᠶᠢᠯᠠᠵᠤ᠂  ᠮᠠᠨ ᠤ ᠬᠤᠰᠢᠭᠤ ᠪᠠᠨ ᠨᠣᠭᠤᠭᠠᠨ

ᠦᠩᠭᠡ  ᠪᠠᠷ ᠴᠢᠮᠡᠪᠡ᠃

     ᠣᠶᠢᠯᠠᠭᠠᠭᠰᠠᠨ ᠢᠶᠠᠷ᠂ ᠲᠣᠰ ᠤᠳᠠᠭ᠎ᠠ 10000 ᠭᠠᠷᠤᠶ ᠰᠠᠭᠤᠷᠢ ᠴᠢᠬᠢ ᠮᠣᠳᠣ ᠳᠠᠷᠢᠵᠤ᠂  ᠲᠠᠷᠢᠭᠰᠠᠨ ᠲᠦᠷᠦᠯ ᠵᠦᠢᠯ ᠳᠤ ᠰᠢᠨᠵᠢᠶᠠᠩ ᠤᠨ

ᠴᠢᠪᠠᠭ᠎ᠠ᠂ ᠠᠯᠢᠮ᠎ᠠ ᠬᠠᠳ ᠵᠡᠷᠭᠡ ᠪᠠᠶᠢᠵᠤ᠂ ᠲᠠᠷᠢᠭᠰᠠᠨ ᠲᠠᠯᠠᠪᠠᠢ ᠨᠢ 120 ᠭᠠᠷᠤᠶ ᠮᠥ  ᠳᠤ ᠬᠦᠷᠴᠠᠢ᠃ ᠲᠣᠰ ᠤᠳᠠᠭᠠᠨ ᠤ ᠠᠯᠪᠠᠨ ᠵᠢᠷᠤᠮ ᠤᠨ

ᠮᠣᠳᠣ ᠳᠠᠷᠢᠬᠤ ᠠᠵᠢᠯᠯᠠᠭ᠎ᠠ ᠪᠠᠷ ᠳᠡᠮᠵᠢᠨ᠂ ︽ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ᠂

ᠨᠣᠭᠤᠭᠠᠷᠠᠭᠤᠯᠤᠯᠲᠠ ᠶᠢ ᠬᠠᠮᠢᠶᠠᠷᠬᠤ᠂ ᠨᠣᠭᠤᠭᠠᠷᠠᠭᠤᠯᠤᠯᠲᠠ  ᠶᠢ ᠬᠡᠷᠡᠭᠯᠡᠬᠦ᠂ ᠨᠣᠭᠤᠭᠠᠷᠠᠭᠤᠯᠤᠯᠲᠠ ᠶᠢ ᠠᠮᠢᠯᠠᠭᠤᠯᠬᠤ︾ ᠥᠳᠬᠡᠨ ᠵᠤᠵᠠᠭᠠᠨ ᠠᠭᠤᠷ

ᠠᠮᠢᠰᠬᠤᠯ ᠢ ᠪᠣᠶ ᠪᠣᠯᠭᠠᠵᠤ᠂ ᠠᠯᠪᠠᠨ ᠵᠢᠷᠤᠮ ᠤᠨ ᠮᠣᠳᠣ ᠳᠠᠷᠢᠬᠤ ᠰᠢᠷᠢᠰ ᠠᠵᠢᠯᠯᠠᠭ᠎ᠠ ᠶᠢ ᠥᠷᠨᠢᠭᠦᠯᠬᠦ ᠳᠤ ᠵᠢᠱᠢᠶ᠎ᠡ ᠦᠵᠡᠭᠦᠯᠦᠨ ᠳᠠᠶᠢᠴᠢᠯᠠᠬᠤ 

ᠦᠢᠯᠡᠳᠦᠯ ᠦᠵᠡᠭᠦᠯᠪᠡ᠃

    ︽ᠮᠠᠨ ᠤ ᠬᠤᠰᠢᠭᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠴᠢᠨᠠᠷ ᠰᠠᠶᠢᠲᠠᠢ

ᠨᠣᠭᠤᠭᠠᠷᠠᠭᠤᠯᠤᠯᠲᠠ ᠪᠠᠷ ᠭᠠᠷᠳᠠᠴᠠ ᠪᠣᠯᠭᠠᠵᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠬᠠᠳᠤᠨ ᠭᠤᠣᠯ ᠤᠨ ᠶᠡᠭᠡ ᠲᠣᠬᠤᠢ ᠶᠢᠨ

ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠮᠣᠳᠣ ᠳᠠᠷᠢᠵᠤ ᠣᠶᠢᠵᠢᠭᠤᠯᠬᠤ ᠠᠵᠢᠯ ᠢ ᠰᠠᠶᠢᠲᠤᠷ

ᠥᠷᠨᠢᠭᠦᠯᠬᠦ ᠶᠢᠨ ᠬᠠᠮᠲᠤ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠴᠤ ᠮᠣᠳᠣ ᠳᠠᠷᠢᠵᠤ ᠨᠣᠭᠤᠭᠠᠷᠠᠭᠤᠯᠬᠤ᠂

ᠨᠣᠭᠤᠭᠠᠷᠠᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠡᠩᠨᠡᠭᠡᠨ ᠳᠤ ᠢᠳᠡᠪᠬᠢᠲᠡᠶ ᠣᠷᠣᠯᠴᠠᠵᠤ᠂ ᠮᠣᠳᠣ ᠳᠠᠷᠢᠵᠤ ᠨᠣᠭᠤᠭᠠᠷᠠᠭᠤᠯᠬᠤ᠂

ᠨᠤᠭᠤᠭᠠᠷᠠᠭᠤᠯᠤᠯᠲᠠ ᠶᠢ ᠬᠠᠮᠠᠭᠠᠯᠠᠬᠤ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠵᠤ᠂ ᠨᠤᠲᠤᠭ ᠤᠰᠤᠨ ᠳᠠᠭᠠᠨ ᠨᠢᠭᠡ ᠰᠠᠭᠤᠷᠢ ᠮᠣᠳᠣ ᠳᠠᠷᠢᠵᠤ᠂

ᠡᠬᠡ ᠭᠠᠵᠠᠷ ᠲᠤ ᠨᠢᠭᠡ ᠬᠡᠰᠡᠭ ᠨᠣᠭᠤᠭᠠᠨ ᠥᠩᠭᠡ ᠨᠡᠮᠡᠷᠢᠯᠡᠪᠡ︾ ᠭᠡᠵᠦ ᠤᠷᠠᠳ ᠤᠨ ᠡᠮᠦᠨᠡᠲᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ

ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠣᠣ ᠭᠦᠸᠧ ᠴᠧᠨ ᠬᠡᠯᠡᠪᠡ᠃

     ᠲᠣᠰ ᠤᠳᠠᠭᠠᠨ ᠤ ᠠᠯᠪᠠᠨ ᠵᠢᠷᠤᠮ ᠤᠨ ᠮᠣᠳᠣ ᠳᠠᠷᠢᠬᠤ ᠲᠣᠮᠣ ᠬᠡᠯᠪᠡᠷᠢ ᠶᠢᠨ ᠠᠵᠢᠯᠯᠠᠭ᠎ᠠ ᠨᠢ ᠪᠠᠰᠠ ᠬᠡᠰᠡᠭ ᠰᠤᠮᠤ ᠪᠠᠯᠭᠠᠰᠤ᠂ ᠭᠠᠴᠠᠭ᠎ᠠ

ᠲᠣᠰᠬᠤᠨ᠂  ᠦᠢᠯᠡᠳᠪᠦᠷᠢ ᠠᠭᠤᠷᠬᠠᠶ ᠠᠵᠤ ᠠᠬᠤᠶᠢᠯᠠᠯ ᠵᠡᠷᠭᠡ ᠳᠤ ᠬᠤᠪᠢᠶᠠᠷᠢ ᠲᠠᠯᠠᠪᠠᠶ ᠭᠠᠷᠭᠠᠵᠤ᠂ ᠨᠡᠶᠢᠲᠡ 2600 ᠭᠠᠷᠤᠶ ᠨᠠᠮ ᠤᠨ ᠭᠡᠰᠢᠭᠦᠨ

ᠺᠠᠳ᠋ᠷ ᠣᠯᠠᠨ ᠲᠦᠮᠡᠨ ᠢ ᠳᠠᠶᠢᠴᠢᠯᠠᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠭᠤᠯᠵᠤ᠂ ᠨᠡᠶᠢᠲᠡ 2.3 ᠲᠦᠮᠡ ᠭᠠᠷᠤᠶ ᠰᠠᠭᠤᠷᠢ

ᠴᠢᠬᠢ ᠮᠣᠳᠣ ᠳᠠᠷᠢᠵᠤ᠂ ︽ᠨᠣᠭᠤᠭᠠᠷᠠᠭᠤᠯᠬᠤ᠂  ᠨᠤᠭᠤᠭᠠᠷᠠᠭᠤᠯᠤᠯᠲᠠ ᠶᠢ ᠬᠠᠮᠠᠭᠠᠯᠠᠬᠤ᠂ ᠨᠤᠭᠤᠭᠠᠷᠠᠭᠤᠯᠤᠯᠲᠠ ᠶᠢ ᠬᠦᠭᠵᠢᠭᠦᠯᠬᠦ︾ ᠥᠳᠬᠡᠨ

ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠲᠤ ᠴᠢᠩᠭ᠎ᠠ ᠪᠠᠬᠢᠯᠡᠯᠲᠡ ᠶᠢ ᠪᠥᠬᠦ

ᠬᠦᠴᠦᠨ ᠢᠶᠠᠷ ᠢᠶᠠᠨ ᠪᠠᠬᠢᠵᠢᠭᠦᠯᠵᠦ᠂ ᠠᠮᠢ ᠠᠬᠤᠶ ᠶᠢᠨ ︽ᠬᠠᠮᠠᠭᠠᠯᠠᠯᠲᠠ ᠶᠢᠨ ᠲᠤᠤᠷ︾ ᠢ ᠨᠢᠭᠲᠠ ᠰᠦᠯᠵᠢᠬᠦ ᠳᠤ ᠪᠠᠲᠤ ᠰᠠᠭᠤᠷᠢ ᠲᠠᠯᠪᠢᠵᠤ

ᠥᠭᠭᠦᠭᠰᠡᠨ ᠪᠠᠶᠢᠨ᠎ᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ