ᠡᠳᠡᠭᠡᠷ ᠢᠳᠡᠭᠡᠨ ᠢ ᠥᠯᠥᠨ ᠢᠶᠠᠷ ᠢᠳᠡᠵᠦ ᠪᠣᠯᠬᠤ ᠦᠭᠡᠢ
ᠨᠡᠶᠢᠲᠡᠯᠡᠭᠰᠡᠨ ᠴᠠᠭ᠄
2024/4/15
     ᠥᠯᠥᠨ ᠢᠶᠠᠷ ᠥᠳᠬᠡᠨ ᠴᠠᠶ ᠶᠡᠭᠡ ᠤᠤᠭᠤᠬᠤ ᠪᠤᠶᠤ ᠺᠣᠹᠧ ᠬᠡᠲᠦᠷᠬᠡᠶ ᠠᠷᠪᠢᠨ ᠤᠤᠭᠤᠪᠠᠯ᠂ ᠵᠢᠷᠦᠬᠡᠨ ᠴᠣᠬᠢᠯᠭ᠎ᠠ ᠲᠦᠷᠭᠡᠰᠴᠦ᠂ ᠴᠡᠭᠡᠵᠢ ᠪᠠᠭᠲᠠᠷᠠᠬᠤ ᠂ ᠵᠢᠷᠦᠬᠡ ᠲᠦᠭᠰᠢᠬᠦ ᠵᠡᠷᠭᠡ ᠡᠪ ᠥᠬᠡᠶ ᠪᠠᠶᠢᠳᠠᠯ ᠢ ᠪᠣᠶ ᠪᠣᠯᠭᠠᠵᠤ ᠮᠡᠳᠡᠨ᠎ᠡ︔ ᠥᠯᠥᠨ ᠢᠶᠠᠷ ᠠᠷᠢᠬᠢ ᠤᠤᠭᠤᠪᠠᠯ ᠠᠮᠠᠷᠬᠠᠨ ᠴᠢᠰᠤᠨ ᠰᠢᠬᠢᠷ ᠳᠣᠣᠷ᠎ᠠ ᠪᠣᠯᠵᠤ᠂  ᠲᠣᠯᠣᠭᠠᠢ ᠡᠷᠭᠢᠬᠦ᠂ ᠬᠦᠢᠲᠡᠨ ᠬᠥᠯᠥᠰᠥ ᠭᠠᠷᠬᠤ ᠵᠡᠷᠭᠡ ᠡᠪ ᠦᠭᠡᠢ ᠰᠢᠨᠵᠢ ᠲᠡᠮᠳᠡᠭ ᠢᠯᠡᠷᠡᠨ᠎ᠡ᠃ ᠥᠯᠥᠨ ᠢᠶᠠᠷ ᠬᠦᠢᠲᠡᠨ ᠢᠳᠡᠭᠡᠨ ᠢᠳᠡᠬᠦ ᠦᠬᠡᠢ ᠪᠣᠯ ᠰᠠᠶᠢᠨ᠃  ᠲᠡᠷᠡ ᠨᠢ ᠬᠤᠳᠣᠭᠤᠳᠣ ᠭᠡᠳᠡᠰᠦᠨ ᠳᠤ ᠰᠡᠳᠦᠯᠲᠡ ᠥᠭᠴᠦ᠂ ᠤᠳᠠᠭᠠᠨ ᠳᠠᠭᠠᠨ ᠬᠤᠳᠣᠭᠤᠳᠣ ᠭᠡᠳᠡᠰᠦᠨ ᠤ ᠡᠪᠡᠳᠴᠢᠨ ᠢ ᠡᠭᠦᠰᠭᠡᠳᠡᠭ᠃ ᠬᠤᠳᠣᠭᠤᠳᠣ  ᠭᠡᠨᠡᠳᠲᠡ ᠬᠦᠢᠲᠡᠨ ᠪᠣᠯᠬᠤ ᠨᠢ ᠵᠢᠷᠦᠬᠡᠨ ᠳᠤ ᠰᠡᠳᠦᠯᠲᠡ ᠥᠭᠴᠦ ᠮᠡᠳᠡᠨ᠎ᠡ᠃ ᠡᠶᠢᠮᠦ ᠠᠴᠠ ᠬᠦᠢᠲᠡᠨ ᠤᠮᠳᠠᠭᠠᠨ ᠢ ᠬᠠᠮᠤᠭ ᠰᠠᠶᠢᠨ ᠨᠢ ᠬᠤᠭᠤᠯᠠᠨ ᠤ ᠳᠤᠮᠳᠠ  ᠤᠤᠭᠤᠨ᠎ᠠ᠂ ᠥᠯᠥᠨ ᠦᠶ᠎ᠡ ᠳᠤ᠂ ᠴᠠᠳᠲᠠᠯ᠎ᠠ ᠢᠳᠡᠭᠰᠡᠨ ᠤ ᠳᠠᠷᠠᠭ᠎ᠠ ᠪᠠ ᠶᠡᠭᠡ ᠬᠥᠯᠥᠰᠥ ᠭᠠᠷᠬᠤ ᠦᠶ᠎ᠡ ᠳᠤ ᠪᠦᠷ ᠤᠤᠭᠤᠵᠤ ᠪᠣᠯᠬᠤ ᠦᠭᠡᠢ᠃ ᠥᠯᠥᠨ ᠢᠶᠠᠷ  ᠲᠥᠪᠡᠳ ᠬᠠᠰᠢ ᠢᠳᠡᠵᠦ ᠪᠣᠯᠤᠨ᠎ᠠ᠃ ᠲᠦᠬᠦᠬᠡᠢ ᠲᠥᠪᠡᠳ ᠬᠠᠰᠢ ᠢᠳᠡᠬᠦ ᠦᠭᠡᠢ ᠪᠣᠶᠣ ᠡᠰᠡᠬᠦᠯ᠎ᠡ ᠨᠢᠭᠡ ᠯᠡ ᠳᠡᠭᠡᠷ᠎ᠡ ᠠᠷᠪᠢᠨ ᠢᠳᠡᠬᠦ ᠦᠬᠡᠢ ᠪᠣᠯ ᠰᠠᠶᠢᠨ᠃           ᠭᠡᠪᠡᠴᠦ ᠬᠤᠳᠣᠭᠤᠳᠣ ᠭᠡᠳᠡᠰᠦᠨ ᠤ ᠠᠵᠢᠯᠯᠠᠭ᠎ᠠ ᠮᠠᠭᠤ ᠵᠠᠷᠢᠮ ᠬᠥᠮᠦᠰ᠂ ᠵᠢᠱᠢᠶᠡᠯᠡᠪᠡᠯ ᠥᠲᠡᠯᠦᠭᠡ ᠬᠥᠮᠦᠰ ᠥᠯᠥᠨ ᠢᠶᠠᠷ ᠲᠥᠪᠡᠳ ᠬᠠᠰᠢ ᠶᠢ ᠠᠷᠪᠢᠨ  ᠢᠳᠡᠵᠦ ᠪᠣᠯᠬᠤ ᠥᠬᠡᠶ᠃ ᠶᠡᠭᠡ ᠦᠯᠦᠰᠦᠭᠡᠳ ᠬᠤᠭᠤᠯᠠ ᠢᠳᠡᠬᠦ ᠳᠤ ᠪᠠᠰᠠ ᠡᠮᠦᠨ᠎ᠡ ᠬᠤᠶᠢᠨ᠎ᠠ ᠳᠡᠰ ᠳᠠᠷᠠᠭ᠎ᠠ ᠲᠠᠢ ᠪᠠᠶᠢᠪᠠᠯ ᠵᠤᠬᠢᠨ᠎ᠠ᠃ ᠤᠷᠢᠳ ᠢᠶᠠᠷ ᠨᠣᠭᠤᠭ᠎ᠠ  ᠵᠠᠭᠤᠰᠢ ᠢᠳᠡᠵᠦ᠂ ᠳᠠᠷᠠᠭ᠎ᠠ ᠨᠢ ᠮᠢᠬ᠎ᠠ ᠵᠡᠷᠭᠡ ᠤᠭᠤᠷᠠᠭ ᠲᠠᠢ ᠵᠥᠢᠯᠡᠰ ᠢᠳᠡᠨ᠎ᠡ᠃ ᠬᠡᠷᠪᠡ ᠡᠬᠢᠯᠡᠩᠭᠦᠳᠡ ᠮᠠᠰᠢ ᠣᠯᠠᠨ ᠲᠤᠲᠤᠷᠭᠠᠨ ᠭᠤᠯᠢᠷ ᠤᠨ ᠴᠠᠷᠳᠠᠭᠤᠯ ᠤᠨ  ᠲᠥᠷᠥᠯ ᠤᠨ ᠢᠳᠡᠭᠡᠨ ᠢ ᠢᠳᠡᠪᠡᠯ ᠪᠠᠰᠠ ᠠᠮᠠᠷᠬᠠᠨ ᠴᠢᠰᠤᠨ ᠰᠢᠬᠢᠷ ᠢ ᠲᠦᠷᠭᠡᠨ ᠳᠡᠭᠡᠭᠰᠢᠯᠡᠭᠦᠯᠵᠦ᠂ ᠪᠡᠶ᠎ᠡ ᠶᠢᠨ ᠳᠣᠲᠣᠭᠠᠳᠤ ᠶᠢᠨ ᠨᠦᠢᠷ ᠤᠨ ᠠᠷᠠᠯ ᠳᠤ  ᠰᠡᠳᠦᠯᠲᠡ ᠥᠭᠭᠦᠨ᠎ᠡ᠃ ᠬᠠᠮᠤᠭ ᠰᠡᠭᠦᠯ ᠳᠤ ᠵᠢᠮᠢᠰ ᠢᠳᠡᠪᠡᠯ ᠵᠤᠬᠢᠨ᠎ᠠ᠂ ᠤᠴᠢᠷ ᠨᠢ ᠵᠢᠮᠢᠰ ᠤᠨ ᠰᠢᠬᠢᠷᠯᠢᠭ ᠤᠨ ᠬᠡᠮᠵᠢᠶ᠎ᠡ ᠶᠡᠭᠡ ᠮᠥᠷᠲᠡᠭᠡᠨ ᠪᠦᠷ ᠠᠮᠠᠷᠬᠠᠨ  ᠰᠢᠩᠭᠡᠭᠡᠳᠡᠭ᠂ ᠬᠡᠷᠪᠡ ᠥᠯᠥᠨ ᠢᠶᠠᠷ ᠢᠳᠡᠪᠡᠯ ᠴᠢᠰᠤᠨ ᠰᠢᠬᠢᠷ ᠢ ᠪᠠᠰᠠ ᠠᠮᠠᠷᠬᠠᠨ ᠨᠡᠮᠡᠭᠳᠡᠭᠦᠯᠦᠨ᠎ᠡ᠃ ᠰᠢᠬᠢᠷᠯᠢᠭ ᠢᠳᠡᠭᠡᠨ ᠠᠴᠠ ᠬᠠᠮᠤᠭ ᠰᠠᠶᠢᠨ ᠨᠢ ᠬᠤᠯᠠᠬᠠᠨ  ᠪᠤᠢ᠂ ᠬᠡᠷᠪᠡ ᠢᠳᠡᠶ᠎ᠡ ᠭᠡᠪᠡᠯ ᠬᠤᠭᠤᠯᠠᠨ ᠤ ᠲᠠᠷᠠᠭ᠎ᠠ ᠢᠳᠡᠭᠡᠷᠡᠢ᠃           
ᠢᠷᠡᠯᠲᠡ᠄ ᠵᠡᠬᠦᠨᠭᠠᠷ ᠬᠤᠰᠢᠭᠤᠨ ᠤ ᠠᠷᠠᠳ ᠤᠨ ᠵᠠᠰᠠᠭ ᠤᠨ ᠤᠷᠳᠤᠨ