4 ᠳ᠋ᠦ᠋ᠭᠡᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠡᠷᠲᠡᠭᠡᠨ ᠵᠠᠰᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠬᠠᠮᠲᠤᠷᠠᠨ ᠪᠦᠬᠦ ᠣᠷᠣᠨ ᠤ ᠵᠠᠰᠠᠮᠠᠯ ᠵᠠᠮ ᠤᠨ ᠬᠤᠷᠳᠤᠴᠠ ᠬᠢᠵᠠᠭᠠᠷᠯᠠᠬᠤ ᠶᠢ ᠲᠣᠬᠢᠷᠠᠭᠤᠯᠬᠤ ᠵᠢᠴᠢ | ᠠᠶᠠᠯᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠶᠢᠨ ᠸᠢᠳᠢᠣ᠋ ᠬᠤᠷᠠᠯ ᠬᠤᠷᠠᠯᠳᠤᠭᠤᠯᠵᠤ᠂ ᠬᠤᠶᠠᠷ ᠰᠠᠯᠠᠭ᠎ᠠ ᠮᠥᠴᠢᠷ | ᠪᠥᠬᠦ ᠣᠷᠣᠨ ᠤ ᠳᠡᠭᠡᠳᠦ ᠲᠠᠰ ᠤᠨ ᠵᠠᠰᠠᠮᠠᠯ ᠵᠠᠮ ᠤᠨ ᠬᠤᠷᠳᠤᠴᠠ ᠬᠢᠵᠠᠭᠠᠷᠯᠠᠬᠤ ᠶᠢ ᠲᠣᠬᠢᠷᠠᠭᠤᠯᠬᠤ ᠠᠵᠢᠯ ᠢ ᠵᠢᠩᠬᠢᠨᠢ ᠪᠠᠷ ᠡᠬᠢᠯᠡᠭᠦᠯᠦᠨ᠂ ᠪᠥᠬᠦ | ᠣᠷᠣᠨ ᠤ ᠬᠤᠷᠳᠤᠴᠠ ᠶᠢ 120 ᠺᠢᠯᠣᠮᠧᠳ᠋ᠷ / ᠴᠠᠭ ᠠᠴᠠ ᠳᠣᠣᠷ᠎ᠠ ᠪᠠᠷ ᠬᠢᠵᠠᠭᠠᠷᠯᠠᠬᠤ ᠲᠦᠷᠭᠡᠨ ᠤ ᠵᠠᠰᠠᠮᠠᠯ ᠵᠠᠮ᠂ ᠬᠤᠷᠳᠤᠴᠠ ᠶᠢ 80 ᠺᠢᠯᠣᠮᠧᠳ᠋ᠷ / | ᠴᠠᠭ ᠠᠴᠠ ᠳᠣᠣᠷ᠎ᠠ ᠪᠠᠷ ᠬᠢᠵᠠᠭᠠᠷᠯᠠᠬᠤ ᠨᠢᠭᠡᠳᠦᠭᠡᠷ ᠳᠡᠰ ᠤᠨ ᠵᠠᠰᠠᠮᠠᠯ ᠵᠠᠮ ᠳᠤ ᠣᠷᠣᠨ ᠪᠦᠰᠡ᠂ ᠲᠡᠷᠭᠡᠨ ᠤ ᠬᠡᠯᠪᠡᠷᠢ᠂ ᠲᠡᠷᠭᠡᠨ ᠵᠠᠮ ᠬᠤᠪᠢᠶᠠᠨ | ᠬᠤᠷᠳᠤᠴᠠ ᠬᠢᠵᠠᠭᠠᠷᠯᠠᠬᠤ ᠶᠢ ᠰᠢᠯᠢᠳᠡᠭᠵᠢᠭᠦᠯᠦᠨ ᠲᠣᠬᠢᠷᠠᠭᠤᠯᠬᠤ ᠠᠴᠠ ᠳᠡᠭᠡᠳᠦ ᠲᠠᠰ ᠤᠨ ᠵᠠᠰᠠᠮᠠᠯ ᠵᠠᠮ ︽ᠬᠤᠷᠳᠤᠴᠠ ᠪᠠᠨ ᠲᠦᠷᠭᠡᠳᠬᠡᠬᠦ︾ ᠴᠠᠭ | ᠦᠶ᠎ᠡ ᠳᠤ ᠣᠷᠣᠨ᠎ᠠ ᠭᠡᠵᠡᠢ᠃ | ᠪᠦᠬᠦ ᠣᠷᠣᠨ ᠤ ᠳᠡᠭᠡᠳᠦ ᠳᠡᠰ ᠤᠨ ᠵᠠᠰᠠᠮᠠᠯ ᠵᠠᠮ ᠤᠨ ᠬᠤᠷᠳᠤᠴᠠ ᠬᠢᠵᠠᠭᠠᠷᠯᠠᠬᠤ ᠶᠢ ᠲᠣᠬᠢᠷᠠᠭᠤᠯᠬᠤ ᠲᠤᠰᠬᠠᠢ ᠠᠵᠢᠯ ᠤᠨ ᠳᠤᠭᠤᠶᠢᠯᠠᠩ ᠨᠢ | ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠤᠷᠢᠳ ᠢᠶᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠢ ᠶᠢ ᠨᠢ ᠰᠢᠢᠳᠪᠦᠷᠢᠯᠡᠬᠦ᠂ ᠬᠤᠯᠠ | ᠣᠶᠢᠷ᠎ᠠ ᠶᠢ ᠤᠶᠠᠯᠳᠤᠭᠤᠯᠬᠤ᠂ ᠠᠮᠤᠷ ᠲᠦᠪᠰᠢᠨ ᠢ ᠦᠨᠡᠨ ᠬᠦ ᠪᠠᠲᠤᠯᠠᠬᠤ ᠵᠠᠷᠴᠢᠮ ᠶᠣᠰᠣᠭᠠᠷ᠂ ᠬᠤᠷᠳᠤᠴᠠ ᠬᠢᠵᠠᠭᠠᠷᠯᠠᠬᠤ ᠶᠢ ᠲᠣᠬᠢᠷᠠᠭᠤᠯᠬᠤ᠂ | ᠪᠡᠯᠡᠳᠬᠡᠮᠵᠢ ᠶᠢ ᠲᠡᠭᠦᠯᠳᠡᠷᠵᠢᠭᠦᠯᠬᠦ᠂ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠳᠡᠭᠡᠳᠦ ᠲᠠᠰ ᠤᠨ | ᠵᠠᠰᠠᠮᠠᠯ ᠵᠠᠮ ᠤᠨ ᠬᠤᠷᠳᠤᠴᠠ ᠬᠢᠵᠠᠭᠠᠷᠯᠠᠭᠰᠠᠨ ᠨᠢ ᠳᠣᠣᠷ᠎ᠠ᠂ ᠬᠤᠷᠳᠤᠴᠠ ᠬᠢᠵᠠᠭᠠᠷᠯᠠᠬᠤ ᠲᠡᠮᠳᠡᠭ ᠢ ᠪᠠᠶᠢᠷᠢᠯᠠᠭᠤᠯᠤᠭᠰᠠᠨ ᠨᠢ ᠵᠣᠬᠢᠰ ᠦᠭᠡᠢ ᠵᠡᠷᠭᠡ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ 2024 ᠣᠨ ᠤ ︽5.1︾ ᠠᠴᠠ ᠡᠮᠦᠨ᠎ᠡ 50% ᠶᠢᠨ ᠲᠦᠷᠭᠡᠨ ᠤ ᠵᠠᠰᠠᠮᠠᠯ ᠵᠠᠮ ᠤᠨ ᠬᠤᠷᠳᠤᠴᠠ | ᠬᠢᠵᠠᠭᠠᠷᠯᠠᠬᠤ ᠶᠢ ᠰᠢᠯᠢᠳᠡᠭᠵᠢᠭᠦᠯᠦᠨ ᠲᠣᠬᠢᠷᠠᠭᠤᠯᠬᠤ ᠪᠠᠷ ᠬᠦᠴᠦᠯᠡᠨ ᠴᠢᠷᠮᠠᠶᠢᠵᠤ᠂ 2025 ᠣᠨ ᠤ ᠰᠡᠭᠦᠯᠴᠢ ᠪᠠᠷ ᠨᠥᠬᠦᠴᠡᠯ ᠪᠦᠷᠢᠳᠦᠭᠦᠯᠦᠭᠰᠡᠨ | ᠳᠡᠭᠡᠳᠦ ᠲᠠᠰ ᠤᠨ ᠵᠠᠰᠠᠮᠠᠯ ᠵᠠᠮ ᠤᠨ ᠬᠤᠷᠳᠤᠴᠠ ᠬᠢᠵᠠᠭᠠᠷᠯᠠᠬᠤ ᠳᠤ ᠲᠣᠬᠢᠷᠠᠭᠤᠯᠤᠯᠲᠠ ᠬᠢᠬᠦ ᠪᠦᠬᠦᠯᠢ ᠴᠣᠭᠴᠠ ᠶᠢᠨ ᠠᠵᠢᠯ ᠢ ᠪᠡᠶᠡᠯᠡᠭᠦᠯᠬᠦ ᠪᠣᠯᠣᠨ᠎ᠠ᠃ | ︽ᠮᠡᠷᠭᠡᠵᠢᠯ ᠤᠨ ᠭᠦᠢᠴᠡᠳᠬᠡᠯ ᠲᠤᠭ᠎ᠠ ᠶᠢ ᠬᠠᠷᠭᠤᠭᠤᠯᠤᠨ ᠪᠠᠶᠢᠴᠠᠭᠠᠬᠤ ᠪᠠᠷ ᠳᠡᠮᠵᠢᠨ᠂ ᠣᠳᠣᠬᠠᠨ ᠳᠤ ᠪᠢᠳᠡ ᠲᠣᠬᠢᠷᠠᠭᠤᠯᠤᠯᠲᠠ ᠬᠢᠬᠦ ᠪᠠᠷ | ᠪᠠᠶᠢᠭ᠎ᠠ ᠵᠠᠮ ᠤᠨ ᠬᠡᠰᠡᠭ ᠢ ᠠᠩᠬ᠎ᠠ ᠠᠯᠬᠤᠮ ᠲᠣᠭᠲᠠᠭᠠᠵᠠᠢ᠂ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠬᠦ᠂ ᠳᠣᠲᠣᠭᠠᠳᠤ ᠶᠢ ᠬᠠᠮᠠᠭᠠᠯᠠᠬᠤ ᠵᠠᠮ | ᠬᠠᠷᠢᠯᠴᠠᠭᠠᠨ ᠤ ᠬᠠᠮᠢᠶᠠᠷᠤᠯᠲᠠ᠂ ᠡᠵᠡᠩᠨᠡᠯᠲᠡ ᠠᠷᠠᠴᠢᠯᠠᠯᠲᠠ ᠶᠢᠨ ᠨᠢᠭᠡᠴᠢ ᠨᠦᠭᠦᠳ ᠲᠣᠬᠢᠷᠠᠭᠤᠯᠤᠯᠲᠠ ᠬᠢᠬᠦ ᠪᠠᠷ ᠪᠠᠶᠢᠭ᠎ᠠ ᠵᠠᠮ ᠤᠨ ᠬᠡᠰᠡᠭ ᠢ ᠬᠡᠰᠡᠭ | ᠳᠠᠷᠠᠭᠠᠯᠠᠨ ᠲᠤᠬᠠᠢ ᠶᠢᠨ ᠲᠠᠯᠠᠪᠤᠷ ᠲᠤ ᠨᠢ ᠬᠠᠷᠭᠤᠭᠤᠯᠤᠨ ᠪᠠᠶᠢᠴᠠᠭᠠᠵᠤ ᠪᠠᠶᠢᠨ᠎ᠠ᠂ ᠲᠤᠬᠠᠢ ᠶᠢᠨ ᠲᠠᠯᠠᠪᠤᠷ ᠲᠤ ᠨᠢ ᠬᠠᠷᠭᠤᠭᠤᠯᠤᠨ ᠪᠠᠶᠢᠴᠠᠭᠠᠭᠰᠠᠨ ᠤ | ᠳᠠᠷᠠᠭ᠎ᠠ᠂ ᠬᠠᠮᠤᠭ ᠤᠨ ᠡᠴᠦᠰ ᠲᠤ ᠲᠣᠬᠢᠷᠠᠭᠤᠯᠤᠯᠲᠠ ᠬᠢᠬᠦ ᠵᠠᠮ ᠤᠨ ᠬᠡᠰᠡᠭ ᠢ ᠲᠣᠭᠲᠠᠭᠠᠨ᠎ᠠ᠃︾ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠵᠠᠮ ᠤᠨ ᠬᠡᠰᠡᠭ ᠲᠤ ᠲᠣᠬᠢᠷᠠᠭᠤᠯᠤᠯᠲᠠ ᠬᠢᠭᠰᠡᠨ ᠤ | ᠳᠠᠷᠠᠭ᠎ᠠ ᠨᠡᠶᠢᠭᠡᠮ ᠨᠡᠶᠢᠲᠡ ᠳᠤ ᠵᠠᠷᠯᠠᠨ ᠮᠡᠳᠡᠭᠳᠡᠬᠦ ᠶᠢᠨ ᠬᠠᠮᠲᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠵᠠᠰᠠᠮᠠᠯ ᠵᠠᠮ ᠤᠨ ᠲᠡᠮᠳᠡᠭ | ᠵᠢᠷᠤᠭᠠᠰᠤ ᠨᠤᠭᠤᠳ ᠲᠤ ᠲᠣᠬᠢᠷᠠᠭᠤᠯᠤᠯᠲᠠ ᠬᠢᠵᠦ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ | ᠬᠤᠷᠳᠤᠴᠠ ᠬᠢᠵᠠᠭᠠᠷᠯᠠᠬᠤ ᠰᠢᠰᠲ᠋ᠧᠮ ᠵᠢᠴᠢ ᠬᠤᠷᠳᠤᠴᠠ ᠶᠢ ᠬᠡᠮᠵᠢᠬᠦ ᠲᠥᠬᠦᠭᠡᠷᠦᠮᠵᠢ ᠳᠤ ᠵᠡᠷᠭᠡ ᠳᠤ ᠨᠢ ᠲᠣᠬᠢᠷᠠᠭᠤᠯᠤᠯᠲᠠ ᠬᠢᠨ᠎ᠡ ᠭᠡᠵᠡᠢ᠃ | ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠪᠠᠰᠠ ᠵᠢᠭᠤᠯᠴᠢᠯᠠᠯ ᠤᠨ | ᠦᠢᠯᠡᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠬᠦ᠂ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠦᠢᠯᠡᠴᠢᠯᠡᠭᠡᠨ ᠤ | ᠲᠣᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ᠂ ᠦᠲᠡᠭᠦᠰ ᠲᠤ ᠲᠣᠬᠢᠷᠠᠭᠤᠯᠤᠨ ᠰᠠᠭᠠᠳ ᠦᠭᠡᠶᠢᠵᠢᠭᠦᠯᠬᠦ ᠵᠠᠮ ᠬᠠᠷᠢᠯᠴᠠᠭᠠᠨ ᠤ ᠠᠶᠠᠯᠠᠯ ᠤᠨ | ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ᠂ ᠲᠦᠷᠭᠡᠨ ᠤ ᠵᠠᠰᠠᠮᠠᠯ ᠵᠠᠮ ᠤᠨ ᠬᠡᠮᠵᠢᠶ᠎ᠡ | ᠳᠠᠭᠠᠭᠠᠴᠠ ᠠᠴᠠ ᠬᠡᠲᠦᠷᠡᠭᠰᠡᠨ ᠢ ᠲᠤᠰᠬᠠᠢ ᠴᠡᠭᠴᠡᠯᠡᠨ ᠵᠠᠰᠠᠬᠤ ᠵᠡᠷᠭᠡ 7 ᠲᠤᠰᠬᠠᠢ ᠠᠵᠢᠯᠯᠠᠭ᠎ᠠ ᠦᠷᠨᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠵᠠᠮ ᠤᠨ ᠪᠠᠶᠢᠳᠠᠯ ᠤᠨ ᠲᠦᠪᠰᠢᠨ᠂ ᠦᠢᠯᠡᠴᠢᠯᠡᠭᠡᠨ ᠤ ᠶᠠᠰᠤ ᠴᠢᠨᠠᠷ ᠵᠡᠷᠭᠡ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ | ᠪᠠᠲᠤᠯᠠᠵᠤ᠂ ᠣᠯᠠᠨ ᠲᠦᠮᠡᠨ ᠤ ᠠᠶᠠᠯᠠᠯ ᠤᠨ ᠲᠥᠷᠥᠭᠳᠡᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ᠃ | |