4 ᠳ᠋ᠦ᠋ᠭᠡᠷ ᠰᠠᠷ᠎ᠠ ᠶᠢᠨ 11 ᠤ ᠡᠳᠦᠷ᠂ ᠪᠥᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠰᠤᠳᠤᠯᠭᠠᠨ ᠤ ᠰᠠᠭᠤᠷᠢᠨ᠂ ᠬᠥᠮᠦᠵᠢᠯ ᠦᠢᠯᠡᠳᠦᠯᠭᠡ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠵᠢᠴᠢ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠲᠦᠢᠮᠦ︾ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠵᠠᠢ᠃ | ᠬᠦᠦᠳᠠᠭᠤᠯᠠ ᠬᠡᠯᠡᠬᠦ ᠳᠤ ᠪᠠᠨ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠣᠨᠣᠯ ᠤᠨ ᠰᠤᠳᠤᠯᠭᠠᠨ ᠪᠠ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠬᠦ ᠲᠤᠯᠭᠠᠮ ᠰᠡᠳᠬᠢᠯᠭᠡ ᠬᠠᠷᠢᠭᠤᠴᠠᠯᠭᠠᠲᠤ | ᠰᠡᠳᠬᠢᠯᠭᠡ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠰᠤᠳᠤᠯᠭᠠᠨ ᠤ ᠰᠠᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠵᠦ ᠪᠠᠭᠲᠠᠭᠠᠮᠵᠢ ᠶᠢ | ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠬᠥᠮᠦᠵᠢᠯ ᠦᠢᠯᠡᠳᠦᠯᠭᠡ ᠶᠢᠨ ᠰᠠᠭᠤᠷᠢᠨ ᠢ ᠰᠠᠶᠢᠲᠤᠷ ᠪᠠᠶᠢᠭᠤᠯᠵᠤ ᠬᠠᠮᠢᠶᠠᠷᠴᠤ ᠬᠡᠷᠡᠭᠯᠡᠵᠦ | ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠦᠢᠮᠣ︾ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠰᠠᠶᠢᠲᠤᠷ | ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠪᠠᠷ | ᠠᠵᠢᠯ ᠤᠨ ᠭᠤᠣᠯ ᠱᠤᠭᠤᠮ ᠪᠣᠯᠭᠠᠨ᠂ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ ᠭᠡᠵᠡᠢ᠃ | ᠬᠤᠷᠠᠯ ᠳᠡᠭᠡᠷ᠎ᠡ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ | ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠪᠠ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠤ ᠬᠠᠷᠢᠭᠤᠴᠠᠯᠭᠠᠲᠠᠨ ᠨᠥᠬᠦᠳ ᠰᠠᠨᠠᠯ ᠢᠶᠠᠨ | ᠰᠣᠯᠢᠯᠴᠠᠬᠤ ᠶᠠᠷᠢᠶ᠎ᠠ ᠲᠠᠯᠪᠢᠵᠠᠢ᠃ | |