ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠠᠯᠪᠠᠨ ᠭᠡᠷ ᠤᠨ | ᠬᠤᠷᠠᠯᠳᠤᠭᠤᠯᠤᠭᠰᠠᠨ ᠶᠢᠰᠦᠳᠡᠬᠢ ᠪᠦᠭᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠰᠣᠨᠢᠨ ᠮᠡᠳᠡᠭᠡ ᠨᠡᠶᠢᠲᠡᠯᠡᠬᠦ | ᠬᠤᠷᠠᠯ ᠠᠴᠠ ᠣᠶᠢᠯᠠᠭᠠᠭᠰᠠᠨ ᠢᠶᠠᠷ᠂ 4 ᠰᠠᠷ᠎ᠠ ᠶᠢᠨ 15 ᠤ ᠪᠦᠭᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠬᠦᠷᠴᠦ ᠢᠷᠡᠬᠦ | ᠲᠠᠰᠢᠷᠠᠮ ᠳᠤ᠂ ᠪᠦᠭᠦ ᠣᠷᠣᠨ ᠢᠶᠠᠷ ᠢᠶᠠᠨ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ᠂ ᠰᠢᠨ᠎ᠡ ᠶᠢ ᠡᠭᠦᠳᠬᠦ ᠪᠠᠷ ᠬᠥᠲᠥᠯᠥᠨ | ᠳᠠᠭᠠᠭᠤᠯᠤᠭᠰᠠᠨ 10 ᠵᠢᠯ ᠤᠨ ᠤᠢ︾ ᠭᠡᠬᠦ ᠭᠤᠣᠯ ᠰᠡᠳᠦᠪ ᠤᠨ ᠲᠣᠭᠤᠷᠢᠨ ᠳᠤ ᠪᠠᠶᠠᠯᠢᠭ ᠠᠭᠤᠯᠭ᠎ᠠ ᠲᠠᠢ ᠰᠢᠷᠢᠰ ᠠᠵᠢᠯᠯᠠᠭ᠎ᠠ ᠥᠷᠨᠢᠭᠦᠯᠵᠦ᠂ | ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠵᠢᠯᠣᠭᠤᠳᠤᠯᠭ᠎ᠠ ᠳᠣᠣᠷ᠎ᠠ ᠰᠢᠨ᠎ᠡ ᠴᠠᠭ ᠦᠶ᠎ᠡ ᠶᠢᠨ ᠤᠯᠤᠰ ᠤᠨ ᠠᠮᠤᠷ ᠲᠦᠪᠰᠢᠨ ᠤ | ᠲᠠᠯ᠎ᠠ ᠪᠠᠷ ᠣᠯᠣᠭᠰᠠᠨ ᠠᠮᠵᠢᠯᠲᠠ ᠪᠦᠲᠦᠮᠵᠢ ᠶᠢ ᠶᠡᠭᠡ ᠪᠠᠷ ᠤᠬᠠᠭᠤᠯᠵᠤ᠂ ᠤᠯᠤᠰ ᠤᠨ ᠠᠮᠤᠷ ᠲᠦᠪᠰᠢᠨ ᠤ ᠣᠶᠢᠯᠠᠭᠠᠭᠳᠠᠬᠤᠨ ᠢ ᠬᠥᠮᠥᠰ ᠤᠨ | ᠰᠡᠳᠬᠢᠯ ᠳᠤ ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠵᠤ ᠪᠤᠢ᠃ | ᠲᠣᠰ ᠤᠳᠠᠭ᠎ᠠ ᠶᠢᠨ ᠪᠦᠭᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ | ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠥᠷᠨᠢᠭᠦᠯᠵᠦ᠂ ᠥᠪᠥᠷ ᠮᠣᠩᠭᠤᠯ ᠤᠨ ᠣᠨᠴᠠᠯᠢᠭ ᠢ ᠢᠯᠡᠷᠡᠭᠦᠯᠦᠨ | ᠂ ᠤᠬᠠᠭᠤᠯᠭ᠎ᠠ ᠶᠢᠨ ᠠᠭᠤᠯᠭ᠎ᠠ ᠪᠠ ᠭᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠭᠢᠯᠠᠰ ᠴᠡᠭ ᠢ ᠪᠤᠶ ᠪᠣᠯᠭᠠᠵᠠᠢ᠃ | ︽ᠪᠢ ᠬᠡᠦᠬᠡᠳ ᠢᠶᠠᠨ ᠳᠠᠭᠠᠭᠤᠯᠤᠨ ︿ᠤᠯᠤᠰ ᠤᠨ ᠠᠮᠤᠷ ᠲᠦᠪᠰᠢᠨ ᠨᠡᠷᠡᠮᠵᠢᠲᠦ﹀ ᠭᠠᠵᠠᠷ ᠳᠣᠣᠷᠠᠬᠢ ᠭᠠᠯᠲᠤ ᠲᠡᠷᠭᠡᠨ ᠳᠤ ᠰᠠᠭᠤᠪᠠ᠂ ᠬᠡᠦᠬᠡᠳ | ᠮᠢᠨᠢ ᠨᠡᠩ ᠤᠯᠠᠨ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠣᠶᠢᠯᠠᠭᠠᠬᠤ ᠶᠢ ᠬᠦᠰᠡᠵᠦ ᠪᠠᠶᠢᠨ᠎ᠠ︾ ᠭᠡᠵᠦ ᠭᠦᠭᠡᠬᠤᠲᠠ ᠶᠢᠨ ᠰᠠᠭᠤᠭᠠᠯᠢ ᠠᠷᠠᠳ ᠯᠢ | ᠠᠪᠠᠭ᠋ᠠᠢ ᠬᠡᠯᠡᠪᠡ᠃ 4 ᠰᠠᠷ᠎ᠠ ᠶᠢᠨ 10 ᠤ ᠡᠳᠦᠷ᠂ ᠮᠠᠨ ᠤ ᠣᠷᠣᠨ ᠤ ᠠᠩᠬᠠᠳᠠᠭᠴᠢ ︽ᠤᠯᠤᠰ ᠤᠨ ᠠᠮᠤᠷ ᠲᠦᠪᠰᠢᠨ ᠨᠡᠷᠡᠮᠵᠢᠲᠦ︾ ᠭᠤᠣᠯ | ᠰᠡᠳᠦᠪᠲᠦ ᠭᠠᠵᠠᠷ ᠳᠣᠣᠷᠠᠬᠢ ᠭᠠᠯᠲᠤ ᠲᠡᠷᠭᠡ ᠭᠦᠭᠡᠬᠤᠲᠠ ᠳᠤ ᠠᠶᠠᠨ ᠢᠶᠠᠨ ᠡᠬᠢᠯᠡᠭᠦᠯᠪᠡ᠃ ︽ᠤᠯᠤᠰ ᠤᠨ ᠠᠮᠤᠷ ᠲᠦᠪᠰᠢᠨ ᠨᠡᠷᠡᠮᠵᠢᠲᠦ︾ ᠲᠤᠰᠬᠠᠢ | ᠭᠠᠵᠠᠷ ᠳᠣᠣᠷᠠᠬᠢ ᠭᠠᠯᠲᠤ ᠲᠡᠷᠭᠡ ᠶᠢ ᠨᠡᠪᠲᠡᠷᠡᠭᠦᠯᠦᠭᠰᠡᠨ ᠨᠢ ᠮᠠᠨ ᠤ ᠣᠷᠣᠨ ᠤ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠴᠠᠭ ᠦᠶ᠎ᠡ ᠶᠢ | ᠳᠠᠭᠠᠵᠤ᠂ ᠪᠦᠭᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠥᠷᠨᠢᠭᠦᠯᠦᠭᠰᠡᠨ ᠪᠠᠰᠠ ᠨᠢᠭᠡᠨ ᠠᠷᠭ᠎ᠠ ᠬᠢᠳᠡᠯ ᠪᠣᠯᠣᠨ᠎ᠠ᠃ | ︽ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠲᠦᠷᠢᠯᠲᠡ ᠭᠡᠭᠴᠢ ᠶᠠᠭᠤ ᠪᠤᠯᠬᠤ ᠶᠢ ᠬᠡᠨ ᠮᠡᠳᠡᠬᠦ ᠪᠤᠶ︖︾ 4 ᠰᠠᠷ᠎ᠠ ᠶᠢᠨ 10 ᠤ ᠡᠳᠦᠷ᠂ | ᠰᠢᠯᠢᠩᠬᠤᠲᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ︽ᠤᠯᠤᠰ ᠤᠨ ᠠᠮᠤᠷ ᠲᠦᠪᠰᠢᠨ ᠢ ᠤᠬᠠᠮᠰᠠᠷ ᠠᠴᠠ ᠪᠠᠨ ᠬᠠᠮᠠᠭᠠᠯᠠᠵᠤ᠂ ᠰᠠᠶᠢᠨ ᠰᠠᠶᠢᠬᠠᠨ ᠭᠡᠷ | ᠣᠷᠣᠨ ᠢᠶᠠᠨ ᠰᠡᠳᠬᠢᠯ ᠨᠢᠭᠡᠳᠦᠨ ᠬᠠᠮᠲᠤ ᠪᠠᠷ ᠪᠦᠲᠦᠭᠡᠨ ᠪᠠᠶᠢᠭᠤᠯᠤᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠵᠡᠭᠦᠨ ᠦᠵᠦᠮᠦᠴᠢᠨ | ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠠᠮᠢᠲᠠᠨ ᠤᠷᠭᠤᠮᠠᠯ ᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠠᠵᠢᠯ ᠢ ᠬᠠᠷᠢᠭᠤᠴᠠᠵᠤ ᠪᠠᠶᠢᠭ᠎ᠠ | ᠠᠵᠢᠯᠲᠠᠨ ᠬᠡᠦᠬᠡᠳ ᠤᠳ ᠤᠨ ᠰᠡᠳᠬᠢᠯ ᠳᠤ ᠤᠯᠤᠰ ᠤᠨ ᠬᠢᠯᠢ ᠳᠠᠬᠢ ᠠᠮᠢᠳᠤ ᠪᠣᠳᠠᠰ ᠤᠨ ᠠᠮᠤᠷ ᠲᠦᠪᠰᠢᠨ ᠢ ᠬᠠᠮᠠᠭᠠᠯᠠᠬᠤ ᠮᠡᠳᠡᠯᠭᠡ ᠶᠢᠨ ᠦᠷ᠎ᠡ ᠶᠢ | ᠰᠠᠴᠤᠪᠠ᠃ | ᠪᠦᠭᠦ ᠣᠷᠣᠨ ᠤ ᠡᠯ᠎ᠡ ᠭᠠᠵᠠᠷ ᠤᠨ ᠬᠢᠨ ᠦᠵᠡᠬᠦ ᠰᠤᠨᠤᠰᠬᠤ ᠳᠤᠷᠠᠲᠠᠢ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠪᠠᠷ ᠳᠠᠮᠵᠢᠨ᠂ ᠤᠯᠤᠰ ᠤᠨ | ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠪᠠᠶᠢᠭᠤᠯᠭ᠎ᠠ ᠳᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ | ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠴᠡᠷᠢᠭ ᠤᠨ ᠬᠤᠸᠠᠷᠠᠨ ᠳᠤ ᠣᠷᠣᠭᠤᠯᠬᠤ᠂ ᠰᠦᠯᠵᠢᠶᠡᠨ ᠳᠤ | ᠣᠷᠣᠭᠤᠯᠬᠤ ᠶᠢ ᠠᠬᠢᠭᠤᠯᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ | ᠳᠠᠰᠤᠷᠠᠯᠳᠠ ᠦᠭᠡᠢ ᠭᠠᠷᠭᠠᠪᠠ᠃ | ᠲᠠᠨᠢᠯᠴᠠᠭᠤᠯᠤᠭᠰᠠᠨ ᠢᠶᠠᠷ᠂ 4 ᠰᠠᠷ᠎ᠠ ᠶᠢᠨ 15 ᠤ ᠡᠳᠦᠷ ᠥᠪᠡᠷᠲᠡᠭᠡᠨ ᠵᠠᠰᠠᠬᠤ ᠣᠷᠣᠨ ᠤ ᠭᠤᠣᠯ ᠲᠠᠯᠠᠪᠠᠶ ᠶᠢᠨ ᠡᠭᠢᠯᠡᠯᠲᠡ ᠶᠢᠨ ᠶᠣᠰᠣᠯᠠᠯ | ᠭᠦᠭᠡᠬᠤᠲᠠ ᠳᠤ ᠶᠠᠪᠤᠭᠳᠠᠵᠤ᠂ ᠲᠤᠬᠠᠢ ᠶᠢᠨ ᠲᠠᠯᠠᠪᠠᠶ ᠳᠤ ᠤᠯᠤᠰ ᠤᠨ ᠠᠮᠤᠷ ᠲᠦᠪᠰᠢᠨ ᠤ ᠭᠤᠣᠯ ᠰᠡᠳᠦᠪᠲᠦ ᠫᠷᠣᠭ᠍ᠷᠠᠮ ᠤᠨ ᠦᠵᠡᠭᠦᠯᠭᠡ᠂ ᠭᠤᠣᠯ | ᠰᠡᠳᠦᠪᠲᠦ ᠭᠡᠷᠡᠯ ᠵᠢᠷᠤᠭ ᠤᠨ ᠦᠵᠡᠭᠦᠯᠭᠡ ᠵᠡᠷᠭᠡ ᠣᠯᠠᠨ ᠵᠦᠢᠯ ᠤᠨ ᠠᠵᠢᠯᠯᠠᠭ᠎ᠠ ᠶᠢ ᠥᠷᠨᠢᠭᠦᠯᠬᠦ ᠪᠣᠯᠣᠨ᠎ᠠ᠃ ᠡᠭᠦᠨ ᠠᠴᠠ ᠭᠠᠳᠠᠨ᠎ᠠ᠂ ᠡᠯ᠎ᠡ | ᠭᠠᠵᠠᠷ ᠤᠨ ᠬᠢᠨ ᠪᠠᠰᠠ ᠤᠯᠠᠭᠠᠨᠮᠥ᠋ᠴᠢᠷ ᠢ ᠵᠣᠬᠢᠶᠠᠨ ᠪᠠᠶᠢᠭᠤᠯᠵᠤ ᠣᠷᠣᠨ ᠨᠤᠲᠤᠭ ᠤᠨ ᠣᠨᠴᠠᠯᠢᠭ ᠲᠠᠢ ᠫᠷᠣᠭ᠍ᠷᠠᠮ ᠢ ᠨᠠᠶᠢᠷᠠᠭᠤᠯᠤᠨ ᠵᠢᠭᠰᠠᠭᠠᠵᠤ᠂ | ᠮᠠᠯᠵᠢᠬᠤ ᠲᠠᠷᠢᠶᠠᠯᠠᠬᠤ ᠣᠷᠣᠨ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠡᠮᠦᠨ᠎ᠡ ᠹᠷᠣᠨᠲ ᠲᠤ ︽ᠤᠯᠤᠰ ᠤᠨ ᠠᠮᠤᠷ | ᠲᠦᠪᠰᠢᠨ ᠳᠡᠷᠭᠡᠳᠡ ᠴᠢᠨᠢ ᠪᠠᠶᠢᠨ᠎ᠠ︾ ᠭᠡᠬᠦ ᠰᠢᠯᠢᠳᠡᠭ ᠫᠷᠣᠭ᠍ᠷᠠᠮ ᠢ ᠲᠥᠯᠥᠪᠯᠡᠭᠡ ᠲᠠᠢ᠂ ᠬᠠᠨᠳᠤᠯᠭᠠᠲᠤ ᠴᠢᠨᠠᠷᠲᠠᠢ ᠳᠡᠯᠭᠡᠨ ᠦᠵᠡᠭᠦᠯᠵᠦ᠂ ᠪᠦᠭᠦ | ᠣᠷᠣᠨ ᠤ ᠳᠥᠷᠪᠡᠳᠦᠭᠡᠷ ᠬᠤᠭᠤᠴᠠᠭᠠᠨ ᠤ ︽ᠤᠮᠠᠷᠠᠲᠤ ᠬᠢᠯᠢ ᠳᠠᠬᠢ ᠤᠯᠤᠰ ᠤᠨ ᠠᠮᠤᠷ ᠲᠦᠪᠰᠢᠨ︾ ᠤᠷᠠᠨ ᠪᠢᠴᠢᠯᠭᠡ ᠤᠷᠠᠨ ᠵᠢᠷᠤᠭ ᠭᠡᠷᠡᠯ | ᠵᠢᠷᠤᠭ ᠤᠨ ᠰᠢᠯᠢᠳᠡᠭ ᠪᠦᠲᠦᠭᠡᠯ ᠢ ᠰᠢᠯᠭᠠᠷᠠᠭᠤᠯᠬᠤ᠂ ᠭᠤᠷᠪᠠᠳᠤᠭᠠᠷ ᠬᠤᠭᠤᠴᠠᠭᠠᠨ ᠤ ︽ᠪᠢ ᠰᠢᠨ᠎ᠡ ᠴᠠᠭ ᠦᠶ᠎ᠡ ᠶᠢᠨ ᠤᠯᠤᠰ ᠤᠨ ᠠᠮᠤᠷ | ᠲᠦᠪᠰᠢᠨ ᠲᠠᠢ ᠬᠠᠮᠲᠤ︾ ᠭᠡᠬᠦ ᠭᠤᠣᠯ ᠰᠡᠳᠦᠪᠲᠦ ᠰᠢᠯᠦᠭ ᠢ ᠰᠢᠯᠭᠠᠷᠠᠭᠤᠯᠬᠤ ᠵᠡᠷᠭᠡ ᠢᠯᠡ ᠲᠣᠳᠣ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ | ᠠᠵᠢᠯᠯᠠᠭ᠎ᠠ ᠶᠢ ᠥᠷᠨᠢᠭᠦᠯᠵᠦ᠂ ᠪᠦᠭᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠤᠯᠠᠮ ᠴᠢᠩᠭᠠᠳᠬᠠᠵᠤ᠂ ᠪᠦᠭᠦ ᠠᠷᠠᠳ ᠢᠶᠠᠷ ᠢᠶᠠᠨ | ᠠᠮᠤᠷ ᠲᠦᠪᠰᠢᠨ ᠤ ᠬᠠᠯᠬᠠᠪᠴᠢ ᠶᠢ ᠬᠠᠮᠲᠤ ᠪᠠᠷ ᠴᠣᠭᠴᠠᠯᠠᠬᠤ ᠥᠳᠬᠡᠨ ᠠᠭᠤᠷ ᠠᠮᠢᠰᠬᠤᠯ ᠢ ᠪᠤᠶ ᠪᠣᠯᠭᠠᠪᠠ᠃ | |