ᠰᠠᠶᠢᠨ ᠰᠠᠶᠢᠬᠠᠨ ᠬᠡᠪ ᠵᠠᠩᠰᠢᠯ ᠢ ᠪᠤᠢ ᠪᠤᠯᠭᠠᠬᠤ ᠶᠢᠨ ᠲᠥᠯᠥᠭᠡ ᠭᠠᠪᠢᠶ᠎ᠠ ᠶᠢ ᠨᠢ ᠦᠵᠡᠵᠦ ᠱᠠᠩᠨᠠᠨ ᠬᠥᠬᠢᠭᠦᠯᠵᠦ᠂ ᠦᠢᠯᠡᠰ ᠪᠣᠰᠬᠠᠬᠤ | ᠠᠮᠢᠵᠢᠷᠠᠯ ᠤᠨ ᠬᠦᠴᠦᠨ ᠢ ᠬᠥᠭᠵᠢᠭᠡᠵᠦ᠂ ᠥᠪᠥᠷ ᠮᠣᠩᠭᠤᠯ ᠦᠨᠡᠨ ᠪᠣᠳᠠᠲᠠᠢ ᠪᠠᠷ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ | ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠭᠠᠪᠢᠶᠠᠲᠠᠨ ᠢ ᠵᠣᠭᠤᠰ ᠮᠥᠩᠭᠦ ᠪᠠᠷ ᠱᠠᠩᠨᠠᠨ ᠬᠥᠬᠢᠭᠦᠯᠪᠡ᠃ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ ᠶᠢ ᠦᠨᠳᠦᠰᠦᠯᠡᠪᠡᠯ᠄ 2023 ᠣᠨ ᠤ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ | ᠮᠥᠩᠭᠦ ᠣᠷᠣᠭᠤᠯᠤᠨ ᠠᠪᠴᠢᠷᠠᠭᠰᠠᠨ ᠠᠮᠵᠢᠯᠲᠠ ᠪᠦᠲᠦᠮᠵᠢ ᠶᠢ ᠬᠢᠨᠠᠨ ᠰᠢᠯᠭᠠᠭᠰᠠᠨ ᠲᠡᠷᠢᠭᠦᠨ ᠤ ᠠᠶᠢᠮᠠᠭ ᠬᠤᠲᠠ ᠪᠠ ᠠᠷᠠᠯᠵᠢᠶᠠᠴᠢᠨ ᠤᠷᠢᠵᠤ ᠪᠡᠯᠡ | ᠮᠥᠩᠭᠦ ᠣᠷᠣᠭᠤᠯᠤᠨ ᠠᠪᠴᠢᠷᠠᠭᠰᠠᠨ ᠲᠡᠷᠢᠭᠦᠨ ᠤ ᠬᠠᠮᠲᠤ ᠬᠢᠭᠡᠳ ᠲᠡᠷᠢᠭᠦᠨ ᠤ ᠬᠤᠪᠢ ᠬᠥᠮᠥᠨ ᠢ ᠱᠠᠩᠨᠠᠬᠤ ᠲᠤᠬᠠᠢ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠣᠰᠣᠭᠠᠷ᠂ 2024 ᠣᠨ ᠳᠤ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠠᠴᠠ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠬᠢᠨᠠᠨ ᠰᠢᠯᠭᠠᠬᠤ ᠱᠠᠩᠨᠠᠯ ᠤᠨ ᠪᠡᠯᠡ ᠮᠥᠩᠭᠦ ᠶᠢ 8143.2 | ᠲᠦᠮᠡᠨ ᠲᠥᠭᠦᠷᠢᠭ ᠲᠣᠬᠢᠷᠠᠭᠤᠯᠪᠠ᠃ | ᠡᠭᠦᠨ ᠳᠤ᠂ ᠭᠦᠭᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠬᠥᠯᠥᠨ ᠪᠤᠶᠢᠷ ᠬᠤᠲᠠ ᠳᠤ | 500 ᠲᠦᠮᠡ – 3000 ᠲᠦᠮᠡᠨ ᠲᠥᠭᠦᠷᠢᠭ ᠤᠨ ᠠᠳᠠᠯᠢ ᠪᠤᠰᠤ ᠬᠡᠮᠵᠢᠶᠡᠨ ᠤ ᠱᠠᠩᠨᠠᠯ ᠣᠯᠭᠤᠪᠠ︔ ᠭᠦᠭᠡᠬᠤᠲᠠ ᠶᠢᠨ ᠠᠵᠤ ᠠᠬᠤᠢ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠵᠡᠷᠭᠡ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ | ᠠᠪᠴᠢᠷᠠᠭᠰᠠᠨ 50 ᠲᠡᠷᠢᠭᠦᠨ ᠤ ᠬᠠᠮᠲᠤ ᠶᠢ ᠬᠥᠬᠢᠭᠦᠯᠦᠨ ᠱᠠᠩᠨᠠᠪᠠ︔ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ | ᠠᠪᠴᠢᠷᠠᠭᠰᠠᠨ ᠠᠮᠵᠢᠯᠲᠠ ᠪᠦᠲᠦᠮᠵᠢ ᠪᠠᠷ ᠲᠣᠪᠤᠶᠢᠮ᠎ᠠ 100 ᠨᠡᠷᠡᠰ ᠬᠤᠪᠢ ᠬᠥᠮᠥᠨ ᠳᠤ 3000 – 6000 ᠲᠥᠭᠦᠷᠢᠭ ᠤᠨ ᠠᠳᠠᠯᠢ ᠪᠤᠰᠤ | ᠬᠡᠮᠵᠢᠶᠡᠨ ᠤ ᠱᠠᠩᠨᠠᠯ ᠣᠯᠭᠤᠪᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠡᠳ᠋ ᠳᠠᠷᠤᠭ᠎ᠠ ᠦ᠋ ᠵᠢᠶᠠᠨ᠂ ᠱᠠᠩᠨᠠᠨ᠎ᠠ ᠭᠡᠰᠡᠨ | ᠠᠮᠠᠯᠠᠯᠲᠠ ᠪᠠᠨ ᠪᠡᠶᠡᠯᠡᠭᠦᠯᠵᠦ᠂ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠪᠣᠳᠠᠲᠠᠢ ᠦᠷ᠎ᠡ ᠪᠦᠲᠦᠮᠵᠢ ᠣᠯᠬᠤ ᠶᠢ | ᠠᠬᠢᠭᠤᠯᠵᠤ ᠡᠯ᠎ᠡ ᠭᠠᠵᠠᠷ ᠤᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠢᠳᠡᠪᠬᠢᠵᠢᠯ ᠢ ᠳᠠᠶᠢᠴᠢᠯᠠᠵᠤ᠂ ᠠᠵᠤ ᠠᠬᠤᠢ ᠶᠢᠨ | ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠬᠥᠭᠵᠢᠭᠡᠬᠦ ᠶᠢ ᠵᠣᠷᠢᠭᠰᠠᠨ ᠶᠤᠮ ᠭᠡᠵᠦ ᠪᠠᠶᠢᠯ᠎ᠠ᠃ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ ᠲᠡᠷᠢᠭᠦᠨ ᠤ ᠬᠤᠪᠢ ᠬᠥᠮᠥᠨ᠂ ᠭᠦᠭᠡᠬᠤᠲᠠ ᠶᠢᠨ ᠰᠢᠨ᠎ᠡ ᠬᠤᠳᠠ | ᠲᠣᠭᠤᠷᠢᠭ ᠤᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠳᠠᠷᠤᠭ᠎ᠠ ᠭᠤᠤ ᠰᠢᠨ ᠠᠷᠠᠯᠵᠢᠶᠠᠴᠢᠨ ᠤᠷᠢᠬᠤ | ᠲᠤᠷᠰᠢᠯᠭ᠎ᠠ ᠪᠠᠨ ᠲᠣᠪᠴᠢ ᠠᠪᠰᠠᠷᠬᠠᠨ ᠢᠶᠠᠷ ᠡᠶᠢᠨ ᠬᠦ ᠳ᠋ᠦᠩᠨᠡᠪᠡ᠄ ︽ᠠᠵᠤ ᠦᠢᠯᠡᠰ ᠤᠨ ᠳᠠᠭᠠᠭᠤᠯᠤᠭᠴᠢ ᠶᠢ ᠣᠷᠣᠭᠤᠯᠤᠨ᠂ ᠡᠬᠢᠨ ᠤ ᠪᠠ | ᠡᠴᠦᠰ ᠤᠨ ᠬᠡᠯᠬᠢᠶ᠎ᠡ ᠶᠢ ᠰᠢᠯᠤᠭᠤᠳᠬᠠᠵᠤ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠢᠨ ᠬᠥᠳᠡᠯᠦᠯᠴᠡᠵᠦ ᠲᠠᠶᠢᠴᠢᠯᠠᠨ᠎ᠡ︾ | ᠃ ᠡᠨᠡ ᠲᠤᠷᠰᠢᠯᠭ᠎ᠠ ᠪᠠᠷ ᠢᠶᠠᠨ 2023 ᠣᠨ ᠳᠤ ᠭᠤᠤ ᠰᠢᠨ ᠲᠡᠭᠦᠨ ᠤ ᠠᠷᠠᠯᠵᠢᠶᠠᠴᠢᠨ ᠤᠷᠢᠬᠤ ᠪᠦᠯᠭᠦᠮ ᠢᠶᠠᠨ ᠳᠠᠭᠠᠭᠤᠯᠤᠨ ᠤᠯᠠᠨ ᠭᠠᠵᠠᠷ ᠢᠶᠠᠷ | ᠶᠠᠪᠤᠵᠤ ᠦᠨᠡᠨᠴᠢ ᠪᠠᠷ ᠠᠷᠠᠯᠵᠢᠶᠠᠴᠢᠨ ᠤᠷᠢᠵᠤ᠂ ᠢᠲᠡᠭᠡᠯ ᠢᠶᠠᠷ ᠪᠡᠯᠡ ᠮᠥᠩᠭᠦ ᠣᠷᠣᠭᠤᠯᠤᠨ ᠠᠪᠴᠢᠷᠠᠵᠤ᠂ ᠪᠦᠭᠦ ᠵᠢᠯ ᠳᠤ 158 ᠡᠳᠦᠷ ᠭᠠᠳᠠᠭᠰᠢ | ᠭᠠᠷᠴᠤ᠂ ᠳ᠋ᠦᠩᠰᠢᠭᠤᠷ ᠲᠥᠭᠦᠷᠢᠭ ᠠᠴᠠ ᠳᠠᠪᠠᠭᠰᠠᠨ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠢ 48 ᠣᠷᠣᠭᠤᠯᠤᠨ ᠠᠪᠴᠢᠷᠠᠵᠤ᠂ | ᠵᠥᠪᠯᠡᠯᠴᠡᠭᠡᠷ ᠤᠨ ᠪᠡᠯᠡ ᠣᠷᠣᠭᠤᠯᠤᠯᠲᠠ ᠶᠢᠨ ᠲᠤᠭ᠎ᠠ ᠨᠢ 360.21 ᠳ᠋ᠦᠩᠰᠢᠭᠤᠷ ᠲᠥᠭᠦᠷᠢᠭ ᠲᠤ ᠬᠦᠷᠴᠦ᠂ ᠣᠨ ᠤ ᠡᠭᠦᠷᠭᠡ ᠪᠠᠨ 120% ᠪᠠᠷ | ᠪᠡᠶᠡᠯᠡᠭᠦᠯᠵᠡᠢ᠃ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ ᠲᠡᠷᠢᠭᠦᠨ ᠤ ᠬᠠᠮᠲᠤ – ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠷᠠᠯᠵᠢᠶᠠᠴᠢᠨ ᠤᠷᠢᠬᠤ ᠠᠵᠢᠯᠲᠠᠨ | ᠨᠢᠳᠤᠨᠤᠨ ᠪᠦᠭᠦ ᠤᠯᠤᠰ ᠤᠨ ᠮᠢᠩᠭᠠᠨ ᠴᠠᠭᠢᠯᠭᠠᠨ ᠮᠠᠰᠢᠨ ᠤ ᠠᠵᠤ ᠠᠬᠤᠶᠢᠯᠠᠯ ᠪᠠ ᠵᠠᠭᠤᠨ ᠰᠣᠷᠢᠨᠵᠢᠨ ᠮᠠᠲ᠋ᠧᠷᠢᠶᠠᠯ ᠤᠨ ᠠᠵᠤ ᠠᠬᠤᠶᠢᠯᠠᠯ ᠢᠶᠠᠷ | ᠬᠦᠷᠴᠦ ᠠᠷᠠᠯᠵᠢᠶᠠᠴᠢᠨ ᠤᠷᠢᠬᠤ ᠠᠵᠢᠯ ᠢ ᠠᠳᠬᠤᠵᠠᠢ᠃ 105 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠱᠤᠸᠠᠩ ᠯᠢᠶᠠᠩ | ᠪᠦᠯᠦᠭᠯᠡᠯ ᠤᠨ 50GW ᠶᠢᠨ ᠳᠠᠩ ᠲᠠᠯᠠᠰᠲᠤ ᠴᠠᠬᠢᠭᠤᠷ ᠤᠨ ᠲᠠᠯᠠᠰᠲᠤ ᠶᠢᠨ ᠲᠥᠷᠦᠯ ᠵᠦᠢᠯ ᠨᠢ ᠲᠣᠰ ᠵᠢᠯ ᠳᠡᠭᠡᠨ ᠠᠵᠢᠯ ᠡᠬᠢᠯᠡᠵᠦ᠂ ᠲᠣᠰ | ᠵᠢᠯ ᠳᠡᠭᠡᠨ ᠠᠰᠢᠭᠯᠠᠯᠲᠠ ᠳᠤ ᠣᠷᠣᠪᠠ︔ 20 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠬᠤᠸᠠ ᠳ᠋ᠢᠶᠠᠨ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ︽ᠰᠠᠯᠬᠢ ᠭᠡᠷᠡᠯ ᠤᠰᠤᠲᠥ᠋ᠷᠥᠭᠴᠢ ᠬᠠᠳᠠᠭᠠᠯᠠᠬᠤ︾ ᠳᠡᠭᠡᠳᠦ ᠲᠡᠰ ᠤᠨ ᠲᠣᠨᠣᠭᠯᠠᠯ ᠤᠨ | ᠣᠶᠤᠨᠴᠢ ᠦᠢᠯᠡᠳᠬᠦ ᠲᠦᠷᠦᠯ ᠵᠦᠢᠯ ᠵᠡᠷᠭᠡ ᠨᠢᠭᠡ ᠪᠦᠯᠦᠭ ᠴᠢᠨᠠᠷ ᠰᠠᠶᠢᠲᠠᠢ ᠴᠢᠬᠤᠯᠠ ᠶᠡᠭᠡ ᠲᠦᠷᠦᠯ ᠵᠦᠢᠯ ᠢ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠭᠡᠷ᠎ᠡ ᠲᠣᠭᠲᠠᠵᠤ ᠨᠠᠶᠢᠳᠠᠪᠤᠷᠢᠵᠢᠭᠤᠯᠪᠠ᠃ ᠪᠤᠭᠤᠲᠤ ᠶᠢᠨ ᠬᠤᠪᠣᠷ ᠰᠢᠷᠣᠢ ᠶᠢᠨ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠪᠦᠭᠦ ᠵᠢᠯ ᠳᠤ 126 ᠲᠦᠷᠦᠯ ᠵᠦᠢᠯ ᠢ ᠭᠡᠷ᠎ᠡ ᠲᠣᠭᠲᠠᠨ | ᠨᠠᠶᠢᠳᠠᠪᠤᠷᠢᠵᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 453.6 ᠳ᠋ᠦᠩᠰᠢᠭᠤᠷ ᠲᠥᠭᠦᠷᠢᠭ ᠲᠤ ᠬᠦᠷᠴᠡᠢ᠃ | ︽ᠬᠥᠬᠢᠭᠦᠯᠦᠨ ᠱᠠᠩᠨᠠᠬᠤ ᠨᠢ ᠵᠢᠳᠬᠦᠯ ᠭᠠᠷᠭᠠᠭᠰᠠᠳ ᠢ ᠨᠤᠲᠠᠯᠠᠵᠤ ᠪᠠᠶᠢᠬᠤ ᠪᠠᠷ ᠪᠠᠷᠠᠬᠤ ᠦᠭᠡᠢ᠂ ᠨᠡᠩ ᠴᠤ ᠱᠠᠩᠨᠠᠯ ᠬᠦᠷᠲᠡᠭᠰᠡᠳ ᠤᠨ | ᠡᠷᠡᠯᠬᠡᠭᠯᠡᠨ ᠤᠷᠤᠭᠰᠢᠯᠠᠬᠤ ᠶᠢ ᠬᠥᠲᠥᠯᠥᠨ ᠵᠢᠯᠤᠭᠤᠳᠴᠤ ᠵᠣᠷᠢᠭᠵᠢᠭᠤᠯᠵᠤ ᠪᠣᠯᠣᠨ᠎ᠠ︾᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠴᠧᠨ ᠹᠦ᠋ | ᠼᠠᠢ᠂ ᠣᠳᠣᠬᠠᠨ ᠳᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠢᠨ ᠨᠢᠭᠡᠨᠲᠡ ᠬᠤᠪᠣᠷ | ᠰᠢᠷᠣᠢ ᠶᠢᠨ ᠲᠣᠭᠲᠠᠮᠠᠯ ᠰᠣᠷᠢᠨᠵᠢᠨ ᠴᠠᠭᠢᠯᠭᠠᠨ ᠮᠠᠰᠢᠨ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠲᠠᠯᠠᠰᠲᠤ ᠴᠠᠬᠢᠭᠤᠷ ᠤᠨ ᠭᠡᠷᠡᠯᠴᠢ ᠴᠡᠨᠡᠭ᠂ | ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠡᠨᠧᠷᠭᠢ ᠵᠡᠷᠭᠡ 20 ᠠᠵᠤ ᠦᠢᠯᠡᠰ ᠤᠨ ᠠᠷᠠᠯᠵᠢᠶᠠᠴᠢᠨ ᠤᠷᠢᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ | ᠪᠦᠭᠦ ᠵᠢᠯ ᠳᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠴᠠᠭᠢᠯᠭᠠᠨ ᠮᠠᠰᠢᠨ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠢ | 45 ᠠᠴᠠ ᠳᠡᠭᠡᠭᠰᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ ᠪᠠᠶᠢᠨ᠎ᠠ ᠭᠡᠵᠦ ᠲᠠᠨᠢᠯᠴᠠᠭᠤᠯᠵᠠᠢ᠃ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ ᠲᠡᠷᠢᠭᠦᠨ ᠤ ᠬᠤᠪᠢ ᠬᠥᠮᠥᠨ᠂ ᠣᠷᠳᠣᠰ ᠬᠤᠲᠠ ᠶᠢᠨ ᠦᠦᠰᠢᠨ | ᠬᠤᠰᠢᠭᠤᠨ ᠤ ᠬᠤᠰᠢᠭᠤᠨ ᠳᠠᠷᠤᠭ᠎ᠠ ᠰᠢᠨ᠎ᠡ ᠠᠷᠠᠯᠵᠢᠶᠠᠴᠢᠨ ᠤᠷᠢᠬᠤ ᠪᠦᠯᠭᠦᠮ ᠢᠶᠠᠨ ᠳᠠᠭᠠᠭᠤᠯᠤᠨ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠰᠢᠨ᠎ᠡ | ᠡᠨᠧᠷᠭᠢ᠂ ᠰᠣᠶᠣᠯ ᠵᠢᠭᠤᠯᠴᠢᠯᠠᠯ ᠵᠡᠷᠭᠡ 9 ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠨᠢᠳᠤᠨᠤᠨ ᠬᠥᠬᠡᠮᠥ᠋ᠷᠡᠨ ᠤ ᠭᠤᠷᠪᠠᠯᠵᠢᠨ ᠬᠤᠶᠢᠭ᠂ | ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠲᠤ ᠬᠦᠷᠴᠦ 24 ᠤᠳᠠᠭ᠎ᠠ ᠶᠢᠨ ᠠᠷᠠᠯᠵᠢᠶᠠᠴᠢᠨ ᠤᠷᠢᠬᠤ ᠠᠵᠢᠯᠯᠠᠭ᠎ᠠ ᠥᠷᠨᠢᠭᠦᠯᠵᠦ᠂ | ᠰᠢᠨ᠎ᠡ ᠪᠠᠷ ᠭᠡᠷ᠎ᠡ ᠲᠣᠭᠲᠠᠭᠰᠠᠨ ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠣᠭᠤᠯᠤᠯᠲᠠ 2400 ᠳ᠋ᠦᠩᠰᠢᠭᠤᠷ ᠲᠥᠭᠦᠷᠢᠭ ᠢ ᠳᠠᠪᠠᠪᠠ᠃ | ︽ᠪᠢᠳᠡ ᠢᠷᠠᠭᠤ ᠠᠯᠳᠠᠷ ᠢᠶᠠᠨ ᠮᠠᠰᠢ ᠨᠠᠨᠳᠢᠩᠨᠠᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠴᠢᠨᠠᠷ ᠰᠠᠶᠢᠲᠠᠢ | ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠨ᠎ᠠ︾᠃ ᠰᠢᠨ᠎ᠡ 2024 ᠣᠨ ᠳᠤ ᠦᠦᠰᠢᠨ ᠬᠤᠰᠢᠭᠤ ᠦᠷᠭᠦᠯᠵᠢᠯᠡᠨ ᠭᠤᠣᠯᠳᠠᠯᠭ᠎ᠠ ᠲᠠᠢ ᠠᠵᠤ | ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠠᠷᠠᠯᠵᠢᠶᠠᠴᠢᠨ ᠤᠷᠢᠵᠤ᠂ ᠪᠦᠭᠦ ᠵᠢᠯ ᠤᠨ ᠣᠷᠣᠭᠤᠯᠤᠨ ᠠᠪᠴᠢᠷᠠᠭᠰᠠᠨ ᠪᠡᠯᠡ ᠮᠥᠩᠭᠦ ᠶᠢ ᠠᠳᠠᠯᠢ | ᠬᠤᠭᠤᠴᠠᠭᠠᠨ ᠤ ᠬᠢ ᠠᠴᠠ 22% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ ᠭᠡᠵᠦ ᠱᠠᠩᠨᠠᠯ ᠣᠯᠣᠭᠰᠠᠨ ᠳᠠᠭᠠᠨ ᠳᠣᠭᠳᠣᠯᠤᠨ ᠶᠠᠷᠢᠨ᠎ᠠ᠃ | ︽ᠲᠠᠷᠠᠭᠠᠴᠢ ᠶᠢᠨ ᠠᠯᠬᠤᠮ ᠳᠤ᠂ ᠪᠢᠳᠡ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠤᠬᠠᠢ ᠬᠢᠨᠠᠨ ᠰᠢᠯᠭᠠᠵᠤ ᠱᠠᠩᠨᠠᠬᠤ | ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠲᠡᠷᠢᠭᠦᠨ ᠤ ᠬᠢ ᠶᠢ ᠤᠷᠮᠠᠰᠢᠭᠤᠯᠬᠤ᠂ ᠥᠯᠢᠭᠡᠷ ᠳᠠᠭᠤᠷᠢᠶᠠᠯ | ᠦᠵᠡᠭᠦᠯᠭᠦ ᠪᠠᠷ ᠳᠠᠮᠵᠢᠨ᠂ ᠪᠦᠭᠦ ᠣᠷᠣᠨ ᠤ ᠠᠵᠤ ᠠᠬᠤᠢ ᠶᠢᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠳᠤ ᠨᠠᠩ ᠣᠯᠠᠨ ᠬᠦᠴᠦᠨ | ᠨᠡᠮᠡᠷᠢᠯᠡᠨ᠎ᠡ︾ ᠭᠡᠵᠦ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠠᠵᠤ ᠠᠬᠤᠢ ᠠᠷᠠᠯᠵᠢᠶᠠᠨ ᠤ ᠭᠠᠵᠠᠷ ᠤᠨ ᠳᠠᠷᠤᠭ᠎ᠠ ᠲᠦᠩ | ᠯᠢᠶᠠᠨ ᠳ᠋ᠢ ᠶᠠᠷᠢᠵᠤ ᠪᠠᠶᠢᠯ᠎ᠠ᠃ | |